ᠮᠠᠨ ᠤ ᠣᠷᠣᠨ ᠤ ᠲᠠᠮᠢᠷᠴᠢᠨ ᠾᠧᠦ ᠱᠥᠸᠧ ᠠᠯᠲᠠᠨ ᠮᠧᠳᠠᠯ ᠭᠠᠷᠳᠠᠪᠠ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 16 ᠤ ᠡᠳᠦᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠴᠢᠷᠭ᠎ᠠ ᠶᠢᠨ ᠲᠥᠷᠥᠯ ᠤᠨ ᠰᠢᠢᠳᠪᠦᠷᠢᠲᠦ ᠤᠷᠤᠯᠳᠤᠭᠠᠨ ᠪᠡᠭᠡᠵᠢᠩ ᠤᠨ ᠶᠠᠨᠴᠢᠩ ᠳᠠᠬᠢ ᠤᠯᠤᠰ ᠤᠨ ᠴᠠᠰᠤᠨ ᠲᠡᠷᠭᠡ ᠴᠢᠷᠭ᠎ᠠ ᠶᠢᠨ ᠲᠥᠪ ᠲᠤ ᠶᠠᠪᠤᠭᠳᠠᠯ᠎ᠠ᠃ ᠮᠠᠨ ᠤ ᠣᠷᠣᠨ ᠤ ᠲᠠᠮᠢᠷᠴᠢᠨ ᠾᠧᠦ ᠱᠥᠸᠧ ᠱᠠᠨᠰᠢ ᠮᠤᠵᠢ ᠶᠢᠨ ᠲᠠᠮᠢᠷᠴᠢᠨ ᠵᠢᠤᠶᠢᠪᠠᠶ᠋ᠢ·ᠰᠠᠶᠢᠺᠸᠶ᠋ᠢ ᠲᠠᠢ ᠨᠢᠭᠡᠴᠢ ᠠᠯᠤᠰᠯᠠᠨ ᠠᠩᠭᠢ ᠵᠣᠬᠢᠶᠠᠨ ᠪᠠᠶᠢᠭᠤᠯᠬᠤ ᠭᠡᠯᠪᠡᠷᠢ ᠪᠠᠷ ᠤᠷᠤᠯᠳᠤᠭᠠᠨ ᠳᠤ ᠣᠷᠣᠯᠴᠠᠵᠤ᠂ ᠡᠷᠡᠭᠲᠡᠢ ᠶᠢᠨ ᠬᠤᠣᠰ ᠬᠥᠮᠥᠨ ᠤ ᠤᠷᠤᠯᠳᠤᠭᠠᠨ ᠤ ᠠᠯᠲᠠᠨ ᠮᠧᠳᠠᠯ ᠢ ᠭᠠᠷᠳᠠᠪᠠ᠂ ᠡᠨᠡ ᠨᠢ ᠮᠥᠨ ᠴᠦ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠮᠠᠨ ᠤ ᠣᠷᠣᠨ ᠤ ᠲᠥᠯᠥᠭᠡᠯᠡᠭᠴᠢᠳ ᠤᠨ ᠪᠦᠯᠭᠦᠮ ᠤᠨ 4  ᠳᠠᠬᠢ ᠠᠯᠲᠠᠨ ᠮᠧᠳᠠᠯ ᠪᠣᠯᠣᠨ᠎ᠠ᠃      ᠲᠤᠰ ᠤᠳᠠᠭᠠᠨ ᠤ ᠴᠢᠷᠭ᠎ᠠ ᠶᠢᠨ ᠤᠷᠤᠯᠳᠤᠭᠠᠨ ᠢ ᠡᠷᠡᠭᠲᠡᠢ ᠶᠢᠨ ᠭᠠᠭᠴᠠ ᠬᠥᠮᠥᠨ ᠤ ᠤᠷᠤᠯᠳᠤᠭᠠᠨ᠂ ᠡᠮᠡᠭᠲᠡᠢ ᠶᠢᠨ ᠭᠠᠭᠴᠠ ᠬᠥᠮᠥᠨ ᠤ ᠤᠷᠤᠯᠳᠤᠭᠠᠨ᠂ ᠡᠷᠡᠭᠲᠡᠢ ᠶᠢᠨ ᠬᠤᠣᠰ ᠬᠥᠮᠥᠨ ᠤ ᠤᠷᠤᠯᠳᠤᠭᠠᠨ᠂ ᠡᠮᠡᠭᠲᠡᠢ ᠶᠢᠨ ᠬᠤᠣᠰ ᠬᠥᠮᠥᠨ ᠤ ᠤᠷᠤᠯᠳᠤᠭᠠᠨ᠂ ᠪᠦᠯᠭᠦᠮ ᠤᠨ ᠪᠤᠤᠬᠢᠶ᠎ᠠ ᠤᠷᠤᠯᠳᠤᠭᠠᠨ ᠵᠡᠷᠭᠡ 5 ᠲᠥᠷᠥᠯ ᠬᠤᠪᠢᠶᠠᠵᠤ᠂ ᠪᠡᠭᠡᠵᠢᠩ᠂ ᠬᠤᠨᠠᠨ᠂ ᠱᠠᠨᠰᠢ᠂ ᠥᠪᠥᠷ ᠮᠣᠩᠭᠤᠯ᠂ ᠰᠢᠨᠵᠢᠶᠠᠩ᠂ ᠱᠠᠨᠳᠦ᠋ᠩ ᠵᠡᠷᠭᠡ ᠭᠠᠵᠠᠷ ᠤᠨ ᠲᠠᠮᠢᠷᠴᠢᠳ ᠣᠷᠣᠯᠴᠠᠪᠠ᠃ ᠲᠤᠬᠠᠢ ᠶᠢᠨ ᠡᠳᠦᠷ ᠶᠠᠪᠤᠭᠳᠠᠭᠰᠠᠨ ᠡᠷᠡᠭᠲᠡᠢ ᠶᠢᠨ ᠬᠤᠣᠰ ᠬᠥᠮᠥᠨ ᠤ ᠤᠷᠤᠯᠳᠤᠭᠠᠨ ᠳᠤ᠂ ᠾᠧᠦ ᠱᠥᠸᠧ ᠪᠣᠯᠣᠨ ᠵᠢᠤᠶᠢᠪᠠᠶ᠋ᠢ·ᠰᠠᠶᠢᠺᠸᠶ᠋ᠢ ᠰᠠᠶᠢᠬᠠᠨ ᠬᠠᠮᠵᠢᠯᠴᠠᠨ᠂ 2 ᠮᠢᠨᠦ᠋ᠲ 01 ᠰᠧᠺᠦ᠋ᠨ᠋ᠳ᠋ 173 ᠶᠢᠨ ᠬᠢᠷᠢ ᠪᠦᠲᠦᠮᠵᠢ ᠪᠠᠷ ᠨᠢᠭᠡᠳᠦᠭᠡᠷ ᠲᠤ ᠣᠷᠣᠵᠠᠢ᠃ ᠣᠨᠴᠠᠯᠠᠨ ᠳᠤᠷᠠᠳᠤᠭᠤᠰᠢᠲᠠᠢ ᠨᠢ᠂ ᠾᠧᠦ ᠱᠥᠸᠧ ᠪᠣᠯᠣᠨ ᠵᠢᠤᠶᠢᠪᠠᠶ᠋ᠢ·ᠰᠠᠶᠢᠺᠸᠶ᠋ᠢ ᠪᠣᠯ ᠤᠷᠤᠯᠳᠤᠭᠠᠨ ᠤ ᠲᠠᠯᠠᠪᠤᠷ ᠤᠨ ︽ᠬᠠᠭᠤᠴᠢᠨ ᠠᠨᠳᠠ︾ ᠮᠥᠨ᠂ ᠲᠡᠳᠡ ᠬᠤᠶᠠᠭᠤᠯᠠ 2022 - 2023 ᠣᠨ ᠤ ᠤᠷᠤᠯᠳᠤᠭᠠᠨ ᠤ ᠤᠯᠠᠷᠢᠯ ᠤᠨ ᠪᠦᠭᠦ ᠤᠯᠤᠰ ᠤᠨ ᠴᠢᠷᠭ᠎ᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠡᠷᠡᠭᠲᠡᠢ ᠶᠢᠨ ᠬᠤᠣᠰ ᠬᠥᠮᠥᠨ ᠤ ᠤᠷᠤᠯᠳᠤᠭᠠᠨ ᠪᠠ ᠬᠠᠮᠲᠤ ᠶᠢᠨ ᠪᠤᠤᠬᠢᠶ᠎ᠠ ᠤᠷᠤᠯᠳᠤᠭᠠᠨ ᠳᠤ ᠮᠠᠩᠯᠠᠶᠢᠯᠠᠵᠤ ᠥᠩᠭᠡᠷᠡᠪᠡ᠃      ᠾᠧᠦ ᠱᠥᠸᠧ ᠵᠠᠯᠭᠠᠭᠠᠳ ᠵᠢᠤᠶᠢᠪᠠᠶ᠋ᠢ·ᠰᠠᠶᠢᠺᠸᠶ᠋ᠢ᠂ ᠱᠠᠨᠰᠢ ᠮᠤᠵᠢ ᠶᠢᠨ ᠲᠠᠮᠢᠷᠴᠢᠨ ᠯᠢᠦ ᠱᠤᠤ ᠨᠠᠨ᠂ ᠪᠡᠭᠡᠵᠢᠩ ᠬᠤᠳᠠ ᠶᠢᠨ ᠲᠠᠮᠢᠷᠴᠢᠨ ᠵᠧᠦ ᠯᠢᠶᠠᠩ ᠽᠢ ᠲᠢᠩ ᠲᠠᠢ ᠪᠦᠯᠭᠦᠮ ᠪᠠᠶᠢᠭᠤᠯᠤᠨ ᠪᠦᠯᠭᠦᠮ ᠤᠨ ᠪᠤᠤᠬᠢᠶ᠎ᠠ ᠤᠷᠤᠯᠳᠤᠭᠠᠨ ᠳᠤ ᠣᠷᠣᠯᠴᠠᠨ᠎ᠠ᠃ ᠥᠪᠥᠷ ᠮᠣᠩᠭᠤᠯ ᠪᠣᠯᠣᠨ ᠱᠠᠨᠰᠢ ᠮᠤᠵᠢ ᠶᠢᠨ ᠬᠠᠮᠲᠤᠷᠠᠨ ᠬᠥᠮᠥᠵᠢᠭᠦᠯᠦᠭᠰᠡᠨ ᠲᠠᠮᠢᠷᠴᠢᠨ ᠬᠤ᠋ ᠾᠦᠢ ᠯᠠᠨ ᠡᠮᠡᠭᠲᠡᠢ ᠶᠢᠨ ᠭᠠᠭᠴᠠ ᠬᠥᠮᠥᠨ ᠤ ᠤᠷᠤᠯᠳᠤᠭᠠᠨ ᠳᠤ ᠣᠷᠤᠯᠴᠠᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号