ᠮᠠᠨ ᠤ ᠣᠷᠣᠨ ᠤ ᠠᠮᠤ ᠪᠤᠳᠠᠭᠠᠨ ᠤ ᠤᠨᠠᠯᠳᠠ 791 ᠳ᠋ᠦᠩᠰᠢᠭᠤᠷ ᠵᠢᠩ ᠢ ᠳᠠᠪᠠᠵᠤ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2023/12/18
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ 12 ᠰᠠᠷ᠎ᠠ ᠶᠢᠨ 11 ᠤ ᠡᠳᠦᠷ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠡᠨᠡ ᠵᠢᠯ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ 791.6 ᠳ᠋ᠦᠩᠰᠢᠭᠤᠷ ᠵᠢᠩ ᠳᠤ ᠬᠦᠷᠴᠦ᠂ ᠨᠢᠳᠤᠨᠤᠨ ᠤ ᠬᠢ ᠠᠴᠠ 11.5 ᠳ᠋ᠦᠩᠰᠢᠭᠤᠷ ᠵᠢᠩ ᠨᠡᠮᠡᠭᠳᠡᠨ᠂ ᠠᠮᠤ ᠪᠤᠳᠠᠭᠠᠨ ᠤ ᠶᠡᠷᠦᠩᠬᠡᠢ ᠤᠨᠠᠯᠲᠠ  ᠪᠠᠷ ᠪᠦᠭᠦ ᠤᠯᠤᠰ ᠤᠨ ᠵᠢᠷᠭᠤᠳᠤᠭᠠᠷ ᠲᠤ ᠵᠢᠭᠰᠠᠵᠤ᠂ ᠠᠮᠤ ᠪᠤᠳᠠᠭᠠᠨ ᠤ ᠦᠢᠯᠡᠳᠪᠦᠷᠢᠯᠡᠯ 20 ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠃      ᠮᠠᠨ ᠤ ᠣᠷᠣᠨ ᠪᠣᠯ ᠪᠦᠭᠦ ᠤᠯᠤᠰ ᠤᠨ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠳ᠋ᠦᠩᠰᠢᠭᠤᠷ ᠮᠦ ᠶᠢ ᠳᠠᠪᠠᠭᠰᠠᠨ 4 ᠮᠤᠵᠢ ᠣᠷᠣᠨ ᠤ ᠨᠢᠭᠡ ᠪᠤᠯᠬᠤ ᠪᠥᠭᠡᠳ ᠪᠠᠰᠠ ᠴᠦ ᠪᠦᠭᠦ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠪᠠ ᠠᠮᠤ ᠪᠤᠳᠠᠭ᠎ᠠ ᠶᠢ ᠭᠠᠳᠠᠭᠰᠢ ᠭᠠᠷᠭᠠᠬᠤ 5 ᠮᠤᠵᠢ ᠣᠷᠣᠨ ᠤ ᠨᠢᠭᠡ ᠪᠠᠶᠢᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠭᠤᠣᠯ ᠪᠤᠯᠬᠤ ᠠᠮᠤ ᠪᠤᠳᠠᠭᠠᠨ ᠤ ᠲᠠᠷᠢᠮᠠᠯ ᠪᠣᠯᠣᠨ ᠨᠠᠷᠢᠮᠤ᠂ ᠰᠢᠰᠢ᠂ ᠨᠣᠭᠤᠭᠠᠨ ᠪᠤᠷᠴᠠᠭ ᠵᠡᠷᠭᠡ ᠡᠯᠳᠡᠪ ᠠᠮᠤ ᠡᠯᠳᠡᠪ ᠪᠤᠷᠴᠠᠭ ᠤᠨ ᠤᠨᠠᠯᠲᠠ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ᠃ ᠡᠨᠡ ᠵᠢᠯ ᠮᠠᠨ ᠤ ᠣᠷᠣᠨ 10477.1 ᠲᠦᠮᠡᠨ ᠮᠦ ᠶᠢᠨ  ᠠᠮᠤ ᠪᠤᠳᠠᠭᠠᠨ ᠤ ᠲᠠᠷᠢᠮᠠᠯ ᠲᠠᠷᠢᠵᠤ᠂ ᠨᠢᠳᠤᠨᠤᠨ ᠤ ᠬᠢ ᠠᠴᠠ 49.4 ᠲᠦᠮᠡᠨ ᠮᠦ ᠨᠡᠮᠡᠭᠳᠡᠵᠡᠢ︔ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠳᠤᠮᠳᠠᠴᠢ ᠤᠨᠠᠯᠲᠠ ᠨᠢ 755.5 ᠵᠢᠩ ᠳᠤ ᠬᠦᠷᠴᠦ᠂ ᠨᠢᠳᠤᠨᠤᠨ ᠤ ᠬᠢ ᠠᠴᠠ 7.4 ᠵᠢᠩ ᠨᠡᠮᠡᠭᠳᠡᠵᠦ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠲᠦᠪᠰᠢᠨ ᠠᠴᠠ ᠳᠠᠪᠠᠪᠠ᠃      ᠮᠠᠨ ᠤ ᠣᠷᠣᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢ ᠮᠠᠯ ᠠᠵᠤ ᠠᠬᠤᠢ ᠲᠠᠷᠢᠶᠠᠯᠠᠩ ᠤᠨ ᠠᠵᠢᠯ ᠤᠨ ᠨᠢᠭᠡᠳᠦᠭᠡᠷ ᠢᠨᠵᠧᠨᠧᠷᠢᠩ ᠪᠣᠯᠭᠠᠨ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠂ ᠮᠦ ᠨᠢᠭᠡᠴᠢ ᠶᠢᠨ ᠤᠨᠠᠯᠲᠠ ᠶᠢ ᠬᠦᠴᠦᠯᠡᠨ ᠨᠡᠮᠡᠭᠳᠡᠭᠦᠯᠵᠦ᠂ ᠤᠯᠤᠰ ᠤᠨ ᠲᠠᠷᠢᠶᠠᠨ ᠭᠠᠵᠠᠷ ᠪᠠ ᠬᠥᠷᠥᠰᠥ ᠰᠢᠷᠣᠢ ᠶᠢᠨ ᠰᠢᠮ᠎ᠡ ᠶᠢ ᠬᠠᠮᠠᠭᠠᠯᠠᠬᠤ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠥ ᠲᠠᠷᠢᠬᠤ᠂ ᠲᠠᠷᠢᠶᠠᠨ ᠭᠠᠵᠠᠷ ᠢ ᠰᠡᠯᠭᠦᠨ ᠲᠠᠷᠢᠬᠤ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠤᠷᠢᠳ ᠬᠤᠵᠢᠳ 184.8 ᠳ᠋ᠦᠩᠰᠢᠭᠤᠷ ᠲᠥᠭᠦᠷᠢᠭ ᠪᠠᠭᠤᠯᠭᠠᠪᠠ᠃ ᠪᠠᠰᠠ ᠦᠷ᠎ᠡ ᠶᠢᠨ ᠦᠢᠯᠡᠰ ᠢ ᠬᠥᠭᠵᠢᠭᠦᠯᠬᠦ᠂ ︽ᠲᠥᠮᠥᠰᠥ ᠶᠢᠨ ᠵᠢᠷᠭᠤᠭᠠᠨ ᠵᠤᠷᠪᠤᠰ︾᠂ ︽ᠨᠡᠶᠢᠭᠡᠮᠴᠢᠯᠡᠭᠰᠡᠨ ᠦᠢᠯᠡᠴᠢᠯᠡᠭᠡᠨ ᠤ 8 ᠵᠤᠷᠪᠤᠰ︾ ᠵᠡᠷᠭᠡ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃      ᠰᠠᠶᠢᠨ ᠲᠠᠷᠢᠶ᠎ᠠ ᠶᠢ ᠪᠠᠶᠢᠭᠤᠯᠬᠤ᠂ ᠰᠠᠶᠢᠨ ᠦᠷ᠎ᠡ ᠪᠣᠶᠢᠵᠢᠭᠤᠯᠬᠤ᠂ ᠰᠠᠶᠢᠨ ᠮᠠᠰᠢᠨ ᠲᠣᠬᠢᠷᠠᠭᠤᠯᠬᠤ᠂ ᠰᠠᠶᠢᠨ ᠮᠡᠷᠭᠡᠵᠢᠯ ᠢ ᠳᠡᠯᠭᠡᠷᠡᠭᠦᠯᠬᠦ᠂ ᠰᠠᠶᠢᠨ ᠳᠦᠷᠢᠮ ᠢ ᠰᠢᠯᠢᠳᠡᠭᠵᠢᠭᠦᠯᠬᠦ ᠵᠡᠷᠭᠡ ︽ᠲᠠᠪᠤᠨ ᠰᠠᠶᠢᠨ︾ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠦᠭᠦ ᠣᠷᠣᠨ ᠤ ᠡᠯ᠎ᠡ ᠭᠠᠵᠠᠷ ᠤᠨ ᠠᠮᠤ ᠪᠤᠳᠠᠭ᠎ᠠ ᠶᠢ ᠢᠯᠡᠭᠦᠬᠡᠨ ᠨᠡᠮᠡᠭᠳᠡᠭᠦᠯᠬᠦ ᠶᠢ ᠪᠦᠭᠦ ᠲᠠᠯ᠎ᠠ  ᠪᠠᠷ ᠳᠠᠶᠢᠴᠢᠯᠠᠪᠠ᠃ ᠣᠳᠣᠬᠠᠨ ᠪᠤᠯᠳᠠᠯ᠎ᠠ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5234 ᠲᠦᠮᠡᠨ ᠮᠦ ᠪᠦᠲᠦᠭᠡᠨ ᠪᠠᠶᠢᠭᠤᠯᠵᠤ᠂ ᠰᠠᠶᠢᠨ ᠲᠠᠷᠢᠶᠠᠨ ᠭᠠᠵᠠᠷ ᠢ ︽ᠠᠮᠤ ᠪᠤᠳᠠᠭᠠᠨ ᠤ ᠲᠠᠷᠢᠶ᠎ᠠ︾ ᠪᠣᠯᠭᠠᠨ᠂ 500 ᠳ᠋ᠦᠩᠰᠢᠭᠤᠷ ᠵᠢᠩ ᠣᠷᠴᠢᠮ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠢ  ᠪᠠᠷ ᠲᠤᠯᠭᠠᠭᠤᠷᠢᠯᠠᠵᠤ ᠪᠠᠶᠢᠨ᠎ᠠ︔ ᠰᠠᠶᠢᠨ ᠦᠷ᠎ᠡ ᠪᠣᠶᠢᠵᠢᠭᠤᠯᠬᠤ ᠰᠠᠭᠤᠷᠢᠨ ᠤ ᠲᠠᠯᠠᠪᠠᠢ ᠶᠢ 100 ᠲᠦᠮᠡᠨ ᠮᠦ  ᠠᠴᠠ ᠳᠡᠭᠡᠭᠰᠢ ᠬᠦᠷᠭᠡᠨ᠂ ᠪᠦᠭᠦ ᠣᠷᠣᠨ ᠤ ᠭᠤᠣᠯ ᠪᠤᠯᠬᠤ ᠲᠠᠷᠢᠮᠠᠯ ᠤᠨ ᠰᠠᠶᠢᠨ ᠦᠷ᠎ᠡ ᠶᠢᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠬᠦᠷᠭᠡᠵᠦ᠂ ᠰᠠᠶᠢᠨ ᠦᠷ᠎ᠡ ᠶᠢ ︽ᠰᠠᠶᠢᠨ ᠠᠮᠤ︾ ᠪᠣᠯᠭᠠᠯ᠎ᠠ︔ ᠡᠨᠡ ᠵᠢᠯ ᠪᠦᠭᠦ ᠣᠷᠣᠨ ᠢᠶᠠᠷ ᠢᠶᠠᠨ ᠳᠣᠬᠢᠭᠤᠷ ᠳᠣᠯᠣᠭᠠᠨ ᠣᠳᠣ ᠨᠡᠷᠡᠮᠵᠢᠲᠦ ᠵᠠᠮᠴᠢᠯᠠᠭ᠎ᠠ ᠶᠢᠨ ᠬᠠᠪᠰᠤᠷᠤᠨ ᠵᠢᠯᠤᠭᠤᠳᠬᠤ ᠰᠢᠰᠲ᠋ᠧᠮ ᠤᠨ 18276 ᠮᠠᠰᠢᠨ ᠲᠥᠬᠦᠭᠡᠷᠦᠮᠵᠢ᠂ ᠥᠨᠳᠥᠷ ᠴᠢᠳᠠᠪᠬᠢᠲᠤ ᠦᠷ᠎ᠡ ᠰᠠᠴᠤᠬᠤ 5537 ᠮᠠᠰᠢᠨ ᠲᠥᠬᠦᠭᠡᠷᠦᠮᠵᠢ᠂ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ 1405 ᠨᠢᠰᠦᠭᠦᠷ ᠮᠠᠰᠢᠨ᠂ ᠡᠷᠳᠡᠨᠢ ᠰᠢᠰᠢ  ᠶᠢᠨ ᠦᠷ᠎ᠡ ᠬᠤᠷᠢᠶᠠᠬᠤ 282 ᠬᠠᠮ ᠮᠠᠰᠢᠨ ᠲᠥᠬᠦᠭᠡᠷᠦᠮᠵᠢ ᠶᠢ ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠳᠤ ᠲᠤᠰᠠᠯᠠᠪᠠ︔ ᠡᠨᠡ ᠵᠢᠯ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠪᠠᠷ ᠳᠠᠮᠵᠢᠨ ᠪᠦᠭᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠳᠤᠮᠳᠠᠴᠢ ᠤᠨᠠᠯᠲᠠ ᠶᠢ ᠵᠠᠭᠤᠨ ᠤ ᠬᠠᠷᠢᠴᠠᠯ ᠢᠶᠠᠷ 1 ᠬᠤᠪᠢ ᠳᠡᠭᠡᠭᠰᠢᠯᠡᠭᠦᠯᠵᠠᠢ; ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠭᠦ ᠠᠵᠢᠯ  ᠢ ᠥᠷᠨᠢᠭᠦᠯᠵᠦ᠂ ᠡᠨᠡ ᠵᠢᠯ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠲᠠᠷᠢᠶᠠᠨ ᠭᠠᠵᠠᠷ ᠤᠨ ᠲᠠᠯᠠᠪᠠᠢ ᠶᠢ 2400 ᠲᠦᠮᠡᠨ ᠮᠦ ᠠᠴᠠ ᠳᠠᠪᠠᠭᠤᠯᠤᠨ᠂ ᠰᠠᠶᠢᠨ ᠳᠦᠷᠢᠮ ᠢᠶᠠᠷ ᠠᠮᠤ ᠪᠤᠳᠠᠭᠠᠨ ᠤ ᠨᠡᠮᠡᠭᠳᠡᠯ ᠢ ᠠᠬᠢᠭᠤᠯᠪᠠ᠃ ᠮᠠᠨ ᠤ ᠣᠷᠣᠨ ᠡᠶᠢᠨ ᠬᠦ ᠲᠠᠷᠢᠶᠠᠯᠠᠩ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠳᠤ ᠨᠡᠩ ᠣᠯᠠᠨ ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠰᠠᠪᠠᠯᠠᠬᠤ ᠶᠢ ᠪᠦᠭᠦ ᠲᠠᠯ᠎ᠠ ᠪᠠᠷ ᠠᠬᠢᠭᠤᠯᠤᠭᠰᠠᠨ ᠪᠠᠶᠢᠨ᠎ᠠ᠃      ᠮᠠᠨ ᠤ ᠣᠷᠣᠨ ᠡᠨᠡ ᠵᠢᠯ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠷ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠭᠦ ᠠᠵᠢᠯᠯᠠᠭ᠎ᠠ ᠪᠣᠯᠣᠨ ᠥᠨᠳᠥᠷ ᠤᠨᠠᠯᠲᠠ ᠶᠢ ᠡᠭᠦᠳᠴᠦ ᠥᠨᠳᠥᠷ ᠦᠷ᠎ᠡ ᠠᠰᠢᠭ ᠣᠯᠬᠤ ᠠᠵᠢᠯᠯᠠᠭ᠎ᠠ ᠥᠷᠨᠢᠭᠦᠯᠦᠨ᠂ ᠪᠣᠬᠢᠷᠳᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭᠲᠤ ᠲᠠᠷᠢᠵᠤ ᠪᠣᠶᠢᠵᠢᠭᠤᠯᠬᠤ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠥᠭᠵᠢᠭᠡᠨ᠂ ︽ᠲᠤᠰᠬᠠᠢ ᠮᠡᠷᠭᠡᠵᠢᠯᠲᠡᠨ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠨᠡᠮᠡᠭᠳᠡᠭᠦᠯᠬᠦ  ᠠᠴᠠ ᠮᠠᠯᠴᠢᠨ ᠲᠠᠷᠢᠶᠠᠴᠢᠨ ᠳᠤ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾᠂ ︽ᠵᠢᠱᠢᠶ᠎ᠡ ᠦᠵᠡᠭᠦᠯᠭᠦ ᠨᠡᠶᠢᠲᠡᠯᠢᠭ ᠲᠠᠷᠢᠶ᠎ᠠ ᠪᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠠᠴᠠ ᠶᠡᠭᠡ ᠲᠠᠷᠢᠶᠠᠨ ᠭᠠᠵᠠᠷ  ᠤᠨ ᠠᠮᠤ ᠪᠤᠳᠠᠭᠠᠨ ᠤ ᠤᠨᠠᠯᠲᠠ ᠶᠢ ᠨᠡᠶᠢᠳᠡᠮ ᠨᠡᠮᠡᠭᠳᠡᠭᠦᠯᠬᠦ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠪᠠ ᠠᠮᠤ ᠪᠤᠳᠠᠭᠠᠨ ᠤ ᠶᠠᠰᠤ ᠴᠢᠨᠠᠷ ᠢ ᠠᠯᠬᠤᠮ ᠠᠯᠬᠤᠮ  ᠢᠶᠠᠷ ᠳᠡᠭᠡᠭᠰᠢᠯᠡᠭᠦᠯᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号