ᠳᠤᠮᠳᠠᠳᠤ ᠣᠷᠣᠰ ᠮᠣᠩᠭᠤᠯ ᠭᠤᠷᠪᠠᠨ ᠤᠯᠤᠰ ᠴᠠᠭᠠᠨ ᠲᠣᠭᠤᠷᠤᠤ ᠶᠢᠨ ᠬᠠᠮᠠᠭᠠᠯᠠᠯᠲᠠ ᠬᠢᠭᠡᠳ ᠦᠢᠯᠡᠳᠦᠯᠭᠡ ᠶᠢᠨ ᠲᠤᠬᠠᠢ ᠣᠶᠢᠯᠠᠭᠠᠯᠴᠠᠬᠤ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2023/12/18
     ᠭᠤᠷᠪᠠᠳᠤᠭᠠᠷ ᠬᠤᠭᠤᠴᠠᠭᠠᠨ ᠤ ᠫᠥᠸᠧ ᠶᠠᠩ ᠬᠤ᠋ ᠨᠠᠭᠤᠷ ᠤᠨ ᠣᠯᠠᠨ ᠤᠯᠤᠰ ᠤᠨ ᠰᠢᠪᠠᠭᠤ ᠰᠣᠨᠢᠷᠬᠠᠬᠤ ᠤᠯᠠᠷᠢᠯ ᠤᠨ ᠠᠵᠢᠯᠯᠠᠭ᠎ᠠ ᠶᠢᠨ ᠨᠢᠭᠡ ᠪᠣᠯᠤᠭᠰᠠᠨ ᠤ ᠬᠤᠪᠢ ᠳᠤ᠂ ᠳᠤᠮᠳᠠᠳᠤ ᠣᠷᠣᠰ ᠮᠣᠩᠭᠤᠯ ᠤᠨ ᠴᠠᠭᠠᠨ ᠲᠣᠭᠤᠷᠤᠤ ᠶᠢ ᠬᠠᠮᠠᠭᠠᠯᠠᠬᠤ ᠪᠠ ᠦᠢᠯᠡᠳᠦᠯᠭᠡᠵᠢᠭᠦᠯᠬᠦ ᠣᠯᠠᠨ ᠤᠯᠤᠰ ᠤᠨ ᠰᠣᠯᠢᠯᠴᠠᠭᠠᠨ ᠤ ᠠᠵᠢᠯᠯᠠᠭ᠎ᠠ 10 ᠤ ᠡᠳᠦᠷ ᠤᠨ ᠦᠳᠡ ᠶᠢᠨ ᠬᠤᠶᠢᠨ᠎ᠠ ︽ᠳᠤᠮᠳᠠᠳᠤ ᠤᠯᠤᠰ ᠤᠨ ᠨᠡᠭᠦᠳᠡᠯ ᠤᠨ ᠰᠢᠪᠠᠭᠤᠨ ᠤ ᠵᠢᠵᠢᠭ ᠪᠠᠯᠭᠠᠰᠤ︾ ᠪᠤᠯᠬᠤ ᠵᠢᠶᠠᠩᠰᠢ ᠮᠤᠵᠢ ᠶᠢᠨ ᠵᠢᠦᠵᠢᠶᠠᠩ ᠬᠤᠲᠠ ᠶᠢᠨ ᠶᠦᠩ ᠰᠢᠸ ᠰᠢᠶᠠᠨ ᠤ ᠦ᠋ ᠴᠧᠩ ᠪᠠᠯᠭᠠᠰᠤᠨ ᠳᠤ ᠶᠠᠪᠤᠭᠳᠠᠪᠠ᠃      ︽ᠫᠥᠸᠧ ᠶᠠᠩ ᠬᠤ᠋ ᠨᠠᠭᠤᠷ ᠪᠣᠯ ᠳᠤᠮᠳᠠᠳᠤ ᠤᠯᠤᠰ ᠤᠨ ᠬᠠᠮᠤᠭ ᠤᠨ ᠶᠡᠭᠡ ᠴᠡᠩᠭᠡᠭ ᠨᠠᠭᠤᠷ ᠮᠥᠨ᠂ ᠪᠠᠰᠠ ᠴᠤ ᠵᠡᠭᠦᠨ ᠠᠽᠢᠶ᠎ᠠ ᠠᠴᠠ ᠠᠦ᠋ᠰᠲᠷᠠᠯᠢᠶ᠎ᠠ ᠬᠦᠷᠬᠦ ᠨᠡᠭᠦᠳᠡᠯ ᠤᠨ ᠰᠢᠪᠠᠭᠤᠳ ᠤᠨ ᠠᠮᠠᠷᠠᠬᠤ ᠭᠠᠵᠠᠷ ᠪᠠ ᠡᠪᠦᠯᠵᠢᠬᠦ ᠭᠠᠵᠠᠷ ᠮᠥᠨ︾ ᠭᠡᠵᠦ ᠵᠢᠶᠠᠩᠰᠢ ᠮᠤᠵᠢ ᠶᠢᠨ ᠤᠢ ᠰᠢᠭᠤᠢ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠴᠧᠩ ᠴᠦᠨ ᠵᠢᠢ ᠲᠠᠨᠢᠯᠴᠠᠭᠤᠯᠪᠠ᠃ ᠲᠡᠷᠡ ᠪᠠᠰᠠ᠂ ᠵᠢᠶᠠᠩᠰᠢ ᠮᠤᠵᠢ ᠶᠢᠨ ᠬᠢᠨ ᠤᠤᠯ ᠤᠨ ᠬᠢ ᠲᠠᠢ ᠪᠠᠨ ᠠᠳᠠᠯᠢ ᠪᠠᠷ ᠨᠡᠭᠦᠳᠡᠯ ᠤᠨ ᠰᠢᠪᠠᠭᠤ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠵᠦ᠂ ᠪᠦᠭᠦ ᠨᠡᠶᠢᠭᠡᠮ ᠢᠶᠠᠷ ᠢᠶᠠᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠠᠵᠢᠯ ᠳᠤ ᠣᠷᠤᠯᠴᠠᠬᠤ ᠶᠢ ᠥᠷᠭᠡᠨ ᠢᠶᠠᠷ ᠲᠠᠶᠢᠴᠢᠯᠠᠵᠦ᠂ ᠪᠦᠭᠦ ᠪᠥᠮᠪᠥᠷᠴᠡᠭ ᠤᠨ ᠴᠠᠭᠠᠨ ᠲᠣᠭᠤᠷᠤᠤ ᠵᠡᠷᠭᠡ ᠨᠡᠭᠦᠳᠡᠯ ᠤᠨ ᠰᠢᠪᠠᠭᠤ ᠶᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃      ︽ᠰᠢᠨᠵᠢᠯᠡᠬᠦ ᠤᠬᠠᠭᠠᠨ ᠪᠣᠯᠣᠨ ᠬᠠᠮᠠᠭᠠᠯᠠᠯᠲᠠ ᠶᠢᠨ ᠰᠠᠯᠵᠤ ᠪᠣᠯᠣᠰᠢ ᠦᠭᠡᠢ ᠰᠢᠰᠲ᠋ᠧᠮ ᠢ ᠰᠠᠶᠢᠵᠢᠷᠠᠭᠤᠯᠵᠤ᠂ ᠨᠡᠭᠦᠳᠡᠯ ᠤᠨ ᠰᠢᠪᠠᠭᠤ ᠶᠢᠨ ᠣᠷᠣᠰᠢᠨ ᠠᠮᠢᠳᠤᠷᠠᠬᠤ ᠳᠤ ᠤᠴᠠᠷᠠᠭᠤᠯᠬᠤ ᠰᠦᠷᠳᠡᠭᠦᠯᠦᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠶᠢᠨ ᠲᠤᠰᠠᠳᠠ ᠡᠯ᠎ᠡ ᠤᠯᠤᠰ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ ᠪᠠᠶᠢᠨ᠎ᠠ︾ ᠭᠡᠵᠦ ᠤᠷᠤᠰ ᠤᠨ ᠺᠠᠲ᠋ᠠᠯᠸᠢᠢᠺ ᠤᠯᠤᠰ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠺᠷᠢᠫᠦ᠋ᠨᠢᠺ·ᠠᠯᠧᠺᠰᠠᠨᠳᠧᠷ·ᠭᠸᠤᠯᠵᠢᠶ᠋ᠥᠸᠢᠴᠢ ᠬᠡᠯᠡᠪᠡ᠃ ᠲᠡᠷᠡ ᠪᠠᠰᠠ ᠤᠷᠤᠰ᠂ ᠳᠤᠮᠳᠠᠳᠤ ᠤᠯᠤᠰ ᠪᠣᠯᠣᠨ ᠮᠣᠩᠭᠤᠯ ᠤᠯᠤᠰ ᠤᠨ ᠵᠠᠯᠠᠭᠤ ᠨᠢᠭᠡ ᠦᠶ᠎ᠡ ᠶᠢᠨ ᠬᠢᠨ ᠬᠠᠮᠲᠤᠷᠠᠯᠴᠠᠭᠠᠨ ᠤ ᠲᠦᠷᠦᠯ ᠵᠦᠢᠯ ᠤᠨ ᠪᠣᠷᠣ ᠲᠥᠯᠥᠪ ᠤᠨ ᠳᠣᠲᠣᠷ᠎ᠠ ᠬᠠᠮᠵᠢᠯᠴᠠᠨ᠎ᠠ᠂ ᠡᠨᠡᠬᠦ ᠬᠠᠮᠵᠢᠯᠴᠠᠭ᠎ᠠ ᠨᠢ ᠲᠡᠳᠡᠨ ᠢ ᠳᠡᠯᠡᠬᠡᠢ ᠶᠢᠨ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠡᠭᠦᠷᠭᠡ ᠶᠢ ᠡᠭᠦᠷᠭᠡᠯᠡᠵᠦ ᠳᠡᠶᠢᠯᠭᠦ ᠪᠣᠯᠭᠠᠨ᠎ᠠ ᠭᠡᠵᠦ ᠢᠯᠡᠳᠬᠡᠪᠡ᠃      ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ ᠲᠣᠭᠤᠷᠢᠨ ᠬᠢᠭᠡᠳ ᠵᠢᠭᠤᠯᠴᠢᠯᠠᠯ ᠤᠨ ᠶᠠᠮᠤᠨ ᠤ ᠣᠨᠴᠠᠭᠠᠢ ᠬᠠᠮᠠᠭᠠᠯᠠᠯᠲᠠ ᠶᠢᠨ ᠣᠷᠣᠨ ᠤ ᠲᠦᠷᠦ ᠶᠢᠨ ᠪᠣᠳᠣᠯᠭ᠎ᠠ ᠶᠢ ᠵᠣᠬᠢᠴᠠᠭᠤᠯᠬᠤ ᠵᠤᠷᠭᠠᠨ ᠤ ᠳᠠᠷᠤᠭ᠎ᠠ ᠮᠥᠩᠬᠡᠵᠠᠶᠠᠭ᠎ᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ᠂ ᠨᠤᠭᠤ ᠭᠠᠵᠠᠷ ᠪᠣᠯᠣᠨ ᠨᠡᠭᠦᠳᠡᠯ ᠠᠮᠢᠲᠠᠳ ᠤᠨ ᠲᠦᠷᠦᠯ ᠢ ᠬᠠᠮᠠᠭᠠᠯᠠᠬᠤ ᠪᠠᠷ ᠵᠣᠷᠢᠯᠲᠠ ᠪᠤᠯᠭᠠᠬᠰᠠᠨ ᠴᠢᠬᠤᠯᠠ ᠶᠡᠭᠡ ᠤᠯᠠᠨ ᠤᠯᠤᠰ ᠤᠨ ᠲᠥᠯᠥᠪᠯᠡᠭᠡ ᠪᠣᠯᠣᠨ ᠨᠡᠶᠢᠲᠡ ᠶᠢᠨ ᠭᠡᠷ᠎ᠡ ᠳᠤ ᠣᠷᠣᠯᠴᠠᠬᠰᠠᠨ ᠤᠯᠤᠰ ᠪᠣᠯᠤᠭᠰᠠᠨ ᠤ ᠬᠤᠪᠢ ᠳᠤ᠂ ᠮᠣᠩᠭᠤᠯ ᠤᠯᠤᠰ ᠡᠨᠡ ᠲᠠᠯ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ ᠪᠠᠶᠢᠨ᠎ᠠ᠃ ᠨᠡᠭᠦᠳᠡᠯ ᠤᠨ ᠰᠢᠪᠠᠭᠤ ᠶᠢ ᠬᠠᠮᠠᠭᠠᠯᠠᠬᠤ ᠲᠠᠯ᠎ᠠ ᠪᠠᠷ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠪᠠᠨ ᠬᠠᠷᠢᠯᠴᠠᠨ ᠬᠤᠪᠢᠶᠠᠯᠴᠠᠬᠤ ᠪᠠ ᠲᠤᠷᠰᠢᠯᠭ᠎ᠠ ᠪᠠᠨ ᠰᠣᠯᠢᠯᠴᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠨ᠎ᠠ ᠭᠡᠵᠦ ᠢᠯᠡᠳᠬᠡᠪᠡ᠃      ᠰᠣᠯᠢᠯᠴᠠᠭᠠᠨ ᠤ ᠠᠵᠢᠯᠯᠠᠭ᠎ᠠ ᠶᠢᠨ ᠳᠤᠮᠳᠠ᠂ ᠳᠤᠮᠳᠠᠳᠤ ᠤᠯᠤᠰ ᠤᠨ ᠵᠢᠶᠠᠩᠰᠢ ᠶᠢᠨ ᠫᠥᠸᠧ ᠶᠠᠩ ᠬᠤ᠋ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠣᠷᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠪᠧᠷᠢᠶ᠎ᠠ ᠶᠢᠨ ᠬᠤᠪᠢᠶᠠᠷᠢ ᠬᠦᠷᠢᠶᠡᠯᠡᠩ ᠤᠨ ᠬᠥᠯᠳᠡᠭᠦᠦ ᠴᠢᠯᠠᠭᠤᠯᠢᠭ ᠤᠨ ᠠᠮᠢᠳᠤ ᠪᠣᠳᠠᠰ ᠤᠨ ᠠᠰᠠᠭᠤᠳᠠᠯ ᠤᠨ ᠰᠤᠳᠤᠯᠭᠠᠨ ᠤ ᠭᠠᠵᠠᠷ᠂ ᠣᠷᠣᠰ ᠤᠨ ᠠᠷᠯᠤᠰᠠ ᠠᠯᠮᠠᠰ ᠤᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠤᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠳᠤᠮᠳᠠᠳᠤ ᠤᠯᠤᠰ ᠤᠨ ᠵᠢᠶᠠᠩᠰᠢ ᠶᠢᠨ ᠫᠥᠸᠧ ᠶᠠᠩ ᠬᠤ᠋ ᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠮᠣᠩᠭᠤᠯ ᠤᠯᠤᠰ ᠤᠨ ᠬᠤᠷᠠᠬᠤ ︱ᠭᠦᠢᠳᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠪᠠ᠃      ᠢᠷᠡᠯᠲᠡ᠄ ᠳᠤᠮᠳᠠᠳᠤ ᠤᠯᠤᠰ ᠤᠨ ᠰᠣᠨᠢᠨ ᠮᠡᠳᠡᠭᠡ ᠶᠢᠨ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号