ᠥᠪᠥᠷ ᠮᠣᠩᠭᠤᠯ ᠤᠨ ᠬᠤᠷᠢᠳᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠡᠬᠢᠯᠡᠪᠡ  ᠶᠠᠩ ᠶᠢᠨ ᠣᠷᠣᠯᠴᠠᠪᠠ
ᠨᠡᠶᠢᠲᠡᠯᠡᠭᠰᠡᠨ ᠴᠠᠭ᠄
2023/12/18
     ︽ᠠᠷᠪᠠᠨ ᠳᠥᠷᠪᠡᠳᠦᠭᠡᠷ ᠡᠪᠦᠯ ᠢ ᠪᠠᠶᠠᠷᠯᠠᠨ ᠤᠭᠲᠤᠵᠤ · ᠨᠠᠭᠠᠳᠤᠮ ᠳᠤ ᠪᠣᠯᠵᠣᠶ᠎ᠠ︾ ᠰᠡᠳᠦᠪᠲᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠳᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠢ 12 ᠳ᠋ᠤᠭᠠᠷ ᠰᠠᠷ᠎ᠠ ᠶᠢᠨ 17 ᠤ ᠡᠳᠦᠷ ᠬᠥᠯᠥᠨ ᠪᠤᠶᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠬᠥᠬᠡᠨᠠᠭᠤᠷ ᠤᠨ ᠦᠵᠡᠮᠵᠢ ᠶᠢᠨ ᠣᠷᠣᠨ ᠳᠤ ᠡᠬᠢᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠮᠥᠰᠥ ᠴᠠᠰᠤᠨ ᠤ ᠨᠠᠭᠠᠳᠤᠮ ᠤᠨ ᠡᠬᠢᠯᠡᠭᠰᠡᠨ ᠢ ᠵᠠᠷᠯᠠᠪᠠ᠃      ᠥᠪᠥᠷ ᠮᠣᠩᠭᠤᠯ ᠤᠨ ᠮᠥᠰᠥ ᠴᠠᠰᠤᠨ ᠤ ᠨᠠᠭᠠᠳᠤᠮ ᠪᠣᠯ ︽ᠳᠤᠮᠳᠠᠳᠤ ᠤᠯᠤᠰ ᠤᠨ ᠬᠠᠮᠤᠭ ᠨᠥᠯᠥᠭᠡᠯᠡᠬᠦ ᠬᠦᠴᠦᠨ ᠲᠠᠢ ᠠᠷᠪᠠᠨ ᠶᠡᠭᠡ ᠵᠢᠭᠤᠯᠴᠢᠯᠠᠯ ᠤᠨ ᠪᠠᠶᠠᠷ ᠤᠨ ᠨᠢᠭᠡ︾ ᠨᠢ ᠪᠣᠯᠣᠨ᠎ᠠ᠃ ᠲᠤᠰ ᠤᠳᠠᠭᠠᠨ ᠤ ᠮᠥᠰᠥ ᠴᠠᠰᠤᠨ ᠤ ᠨᠠᠭᠠᠳᠤᠮ 30 ᠡᠳᠦᠷ ᠣᠷᠴᠢᠮ ᠶᠠᠪᠤᠭᠳᠠᠨ᠎ᠠ᠂ ᠡᠨᠡ ᠬᠤᠭᠤᠴᠠᠭᠠᠨ ᠳᠤ ᠡᠪᠦᠯ ᠤᠨ ᠤᠮᠪᠠᠯᠲᠠ᠂ ᠴᠠᠰᠤᠨ ᠱᠤᠭᠤᠮᠠᠯ ᠪᠣᠯᠣᠨ ᠮᠣᠷᠢᠨ ᠤᠷᠤᠯᠳᠤᠭᠠᠨ ᠵᠡᠷᠭᠡ 6 ᠵᠦᠢᠯ ᠤᠨ ᠤᠷᠤᠯᠳᠤᠭᠠᠨ ᠢ ᠥᠷᠨᠢᠭᠦᠯᠬᠦ ᠪᠥᠭᠡᠳ᠂ ᠲᠡᠦᠬᠡ ᠶᠢᠨ ᠮᠦᠽᠧᠢ ᠶᠢᠨ ᠮᠥᠰᠥ ᠴᠠᠰᠤᠨ ᠤ ᠪᠣᠯᠵᠤᠭ᠎ᠠ ᠭᠤᠣᠯ ᠰᠡᠳᠦᠪᠲᠦ ᠦᠵᠡᠰᠬᠦᠯᠡᠩ᠂ ᠠᠩᠬᠠᠳᠤᠭᠠᠷ ᠬᠤᠭᠤᠴᠠᠭᠠᠨ ᠤ ᠬᠥᠯᠥᠨ ᠪᠤᠶᠢᠷ ᠤᠨ ᠮᠥᠰᠥ ᠴᠠᠰᠤᠨ ᠤ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ ᠵᠡᠷᠭᠡ 6 ᠵᠦᠢᠯ ᠤᠨ ᠦᠵᠡᠰᠬᠦᠯᠡᠩ ᠢ ᠡᠷᠬᠢᠯᠡᠵᠦ᠂ ᠳᠤᠮᠳᠠᠳᠤ ᠤᠷᠤᠰ ᠤᠨ ᠰᠣᠶᠣᠯ ᠤᠨ ᠰᠣᠯᠢᠯᠴᠠᠭᠠᠨ ᠤ ᠲᠣᠭᠯᠠᠯᠲᠠ ᠵᠡᠷᠭᠡ ᠠᠷᠠᠳ ᠲᠤ ᠠᠰᠢᠭ ᠬᠦᠷᠲᠡᠭᠡᠬᠦ ᠵᠠᠭᠤᠨ ᠲᠠᠯᠠᠪᠤᠷ ᠦᠵᠡᠭᠦᠯᠭᠡ ᠶᠢᠨ ᠲᠣᠭᠯᠠᠯᠲᠠ ᠲᠣᠭᠯᠠᠨ᠎ᠠ᠃      ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号