︽ᠪᠤᠶᠢᠯᠠᠭ᠎ᠠ︾ ᠺᠢᠨᠣ᠋ ᠶᠢᠨ ᠨᠡᠭᠡᠭᠡᠯᠲᠡ ᠶᠢᠨ ᠶᠣᠰᠣᠯᠠᠯ ᠭᠦᠭᠡᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2023/12/18
     12 ᠰᠠᠷ᠎ᠠ ᠶᠢᠨ 10 ᠤ ᠦᠳᠡ ᠶᠢᠨ ᠬᠤᠶᠢᠨ᠎ᠠ᠂ ︽ᠪᠤᠶᠢᠯᠠᠭ᠎ᠠ︾ ᠺᠢᠨᠣ᠋ ᠶᠢᠨ ᠨᠡᠭᠡᠭᠡᠯᠲᠡ ᠶᠢᠨ ᠶᠣᠰᠣᠯᠠᠯ ᠭᠦᠭᠡᠬᠤᠲᠠ ᠶᠢᠨ ᠵᠦᠩ ᠶᠢᠩ ᠰᠢᠩ ᠮᠧᠢ ᠤᠯᠠᠨ ᠤᠯᠤᠰ ᠤᠨ ᠺᠢᠨᠣ᠋ ᠣᠷᠳᠣᠨ ᠳᠤ ᠶᠠᠪᠤᠭᠳᠠᠵᠠᠢ᠃
     ᠥᠪᠥᠷ ᠮᠣᠩᠭᠤᠯ ᠤᠨ ᠺᠢᠨᠣᠴᠢᠳ ᠤᠨ ᠨᠡᠶᠢᠭᠡᠮᠯᠢᠭ ᠤᠨ ᠨᠡᠷ᠎ᠡ ᠬᠦᠨᠳᠦᠲᠦ ᠳᠡᠳ᠋ ᠲᠡᠷᠢᠭᠦᠯᠡᠭᠴᠢ ᠡᠪᠡᠰᠦ ᠶᠢᠨ ᠤᠳᠤᠷᠢᠳᠤᠭᠠᠭᠰᠠᠨ ᠲᠤᠰ ᠺᠢᠨᠣ᠋ ᠶᠢ ᠶᠤᠸᠠᠨ ᠱᠠᠩ ᠬᠤ᠋ (ᠪᠡᠭᠡᠵᠢᠩ) ᠺᠢᠨᠣ᠋ ᠲᠧᠯᠸᠢᠰ ᠰᠣᠶᠣᠯ ᠤᠨ ᠬᠢᠵᠠᠭᠠᠷᠲᠤ ᠺᠤᠮᠫᠠᠨᠢ ᠠᠴᠠ ᠦᠢᠯᠡᠳᠦᠭᠰᠡᠨ ᠶᠤᠮ᠃ ᠲᠤᠰ ᠺᠢᠨᠣ᠋ 2020 ᠣᠨ ᠳᠤ ᠠᠯᠲᠠᠨ ᠲᠠᠭᠢᠶ᠎ᠠ ᠱᠠᠩᠨᠠᠯ ᠤᠨ ᠬᠠᠮᠤᠭ ᠤᠨ ᠰᠢᠯᠢᠳᠡᠭ ᠳᠤᠮᠳᠠ ᠪᠠᠭ᠎ᠠ ᠪᠡᠯᠡ ᠶᠢᠨ ᠦᠯᠢᠭᠡᠷᠲᠦ ᠺᠢᠨᠣ᠋ ᠶᠢᠨ ᠨᠡᠷ᠎ᠡ ᠳᠤᠷᠠᠳᠤᠭᠳᠠᠭᠰᠠᠨ ᠱᠠᠩᠨᠠᠯ ᠢ ᠬᠦᠷᠲᠡᠵᠦ ᠥᠩᠭᠡᠷᠡᠵᠡᠢ᠃
     ᠺᠢᠨᠣ᠋ ᠳᠤ ᠪᠤᠶᠢᠯᠠᠭ᠎ᠠ ᠨᠡᠷᠡᠲᠦ ᠲᠡᠮᠡᠭᠡᠨ ᠤ ᠬᠥᠮᠥᠰ ᠲᠤ ᠬᠠᠪᠰᠤᠷᠴᠤ ᠬᠤᠯᠠᠭᠠᠢ ᠪᠠᠷ ᠠᠩᠨᠠᠭᠴᠢᠳ ᠢ ᠪᠠᠷᠢᠪᠴᠢᠯᠠᠭᠰᠠᠨ᠂ ᠠᠭᠲᠠᠯᠠᠭᠳᠠᠬᠤ ᠵᠠᠶᠠᠭᠠᠨ ᠠᠴᠠ ᠳᠤᠲᠠᠭᠠᠵᠤ ᠭᠠᠷᠤᠭᠰᠠᠨ ᠵᠢᠴᠢ ᠨᠠᠭᠠᠳᠤᠮ ᠳᠤ ᠲᠡᠷᠢᠭᠦᠯᠡᠨ ᠤᠳᠤᠨ ᠪᠣᠯᠤᠭᠰᠠᠨ ᠠᠴᠠ ᠰᠦᠯᠵᠢᠶᠡᠨ ᠤᠳᠤ ᠰᠣᠩᠭᠤᠳᠠᠭ ᠺᠤᠮᠫᠠᠨᠢ ᠶᠢᠨ ᠬᠠᠷᠠᠭᠠᠨ ᠳᠤ ᠥᠷᠲᠥᠭᠰᠡᠨ ᠦᠯᠢᠭᠡᠷ ᠢᠶᠠᠷ ᠰᠡᠳᠦᠪᠯᠡᠵᠦ᠂ ᠰᠢᠨ᠎ᠡ ᠡᠵᠡᠨ ᠤ ᠪᠠᠨ ᠭᠠᠷ ᠲᠤ ᠳᠠᠬᠢᠨᠲᠠ ᠨᠠᠭᠠᠳᠤᠮ ᠤᠨ ᠲᠡᠷᠢᠭᠦᠨ ᠢ ᠠᠪᠤᠭᠰᠠᠨ ᠤ ᠳᠠᠷᠠᠭ᠎ᠠ ᠭᠡᠨᠡᠳᠲᠡ ᠪᠠᠷ ᠳᠣᠭᠰᠢᠷᠠᠨ ᠠᠭᠠᠰᠢᠯᠠᠵᠤ᠂ ᠬᠤᠪᠢ ᠵᠠᠶᠠᠭᠠᠨ ᠳᠤᠨᠢ ᠯᠤᠲᠤ ᠡᠷᠭᠢᠯᠲᠡ ᠭᠠᠷᠤᠭᠰᠠᠨ ᠤᠴᠢᠷ ᠢ ᠬᠠᠷᠠᠭᠤᠯᠵᠠᠢ᠃ ᠺᠢᠨᠣ᠋ ᠨᠢ ᠬᠥᠮᠥᠨ ᠬᠢᠭᠡᠳ‌‍ᠲ᠋ᠡᠮᠡᠭᠡᠨ ᠤ ᠡᠭᠡᠨᠢᠭᠰᠢᠵᠦ ᠳᠠᠰᠤᠭᠰᠠᠨ ᠰᠡᠳᠬᠢᠯᠭᠡ ᠵᠢᠨ‌ᠬᠤᠯᠪᠣᠭᠠᠰᠤ ᠶᠢ ᠳᠡᠯᠭᠡᠨ᠂ ᠲᠠᠯ᠎ᠠ ᠨᠤᠲᠤᠭ ᠤᠨ ᠰᠦᠷᠯᠢᠭ ᠦᠵᠡᠮᠵᠢ ᠪᠠᠷ ᠳᠡᠪᠢᠰᠬᠡᠷᠯᠡᠵᠦ᠂ ᠬᠠᠷᠠᠭᠠᠨ ᠰᠡᠷᠡᠯ ᠤᠨ ᠲᠠᠯ᠎ᠠ ᠪᠠ ᠰᠡᠳᠬᠢᠯᠭᠡ ᠶᠢᠨ ᠲᠠᠯ᠎ᠠ ᠳᠤ ᠯᠤᠲᠤ ᠶᠡᠭᠡ ᠳᠣᠯᠭᠢᠰᠤᠯ ᠡᠭᠦᠰᠬᠡᠳᠡᠭ ᠪᠠᠶᠢᠨ᠎ᠠ᠃
     ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠲᠤᠰ ᠺᠢᠨᠣ᠋ ᠶᠢ ᠳᠡᠮᠵᠢᠵᠦ ᠪᠠᠶᠢᠬᠤ ᠪᠠᠨ ᠢᠯᠡᠳᠬᠡᠭᠰᠡᠨ ᠪᠥᠭᠡᠳ᠄︽ᠮᠠᠰᠢ ᠰᠠᠶᠢᠬᠠᠨ ᠰᠡᠳᠬᠢᠯ ᠳᠣᠭᠳᠣᠯᠤᠭᠤᠯᠤᠮ᠎ᠠ ᠺᠢᠨᠣ᠋ ᠪᠣᠯᠤᠭᠰᠠᠨ᠂ ᠪᠢᠳᠡ ᠪᠦᠭᠦᠨ ᠲᠤᠰ ᠺᠢᠨᠣ᠋ ᠶᠢᠨ ᠤᠬᠠᠭᠤᠯᠭ᠎ᠠ ᠳᠤ ᠬᠦᠴᠦᠨ ᠨᠡᠮᠡᠷᠢᠯᠡᠶ᠎ᠡ︾ ᠭᠡᠵᠦ ᠤᠷᠢᠶᠠᠯᠠᠭᠰᠠᠨ ᠪᠠᠶᠢᠨ᠎ᠠ᠃      ᠨᠡᠭᠡᠭᠡᠯᠲᠡ ᠶᠢᠨ ᠶᠣᠰᠣᠯᠠᠯ ᠳᠤ ᠤᠳᠤᠷᠢᠳᠤᠭᠠᠴᠢ ᠡᠪᠡᠰᠦ᠂ ᠭᠤᠣᠯ ᠳᠦᠷᠢ ᠶᠢᠨ ᠲᠣᠭᠯᠠᠭᠴᠢ ᠵᠠᠶᠠᠭᠠᠭᠦᠦ᠂ ᠮᠥᠷᠡᠨ᠂ ᠳᠡᠯᠡᠬᠡᠢ ᠨᠠᠷ ᠦᠵᠡᠭᠴᠢᠳ ᠲᠠᠢ ᠵᠣᠯᠭᠠᠵᠤ᠂ ᠺᠢᠨᠣ᠋ ᠰᠡᠭᠦᠳᠡᠷᠯᠡᠬᠦ ᠶᠠᠪᠤᠴᠠ ᠳᠠᠬᠢ ᠦᠯᠢᠭᠡᠷ ᠤᠴᠠᠷᠠᠯ ᠢᠶᠠᠨ ᠬᠤᠪᠢᠶᠠᠯᠴᠠᠭᠰᠠᠨ ᠪᠠᠶᠢᠨ᠎ᠠ᠃      ︽ᠪᠤᠶᠢᠯᠠᠭ᠎ᠠ︾ ᠺᠢᠨᠣ᠋ 12 ᠰᠠᠷ᠎ᠠ ᠶᠢᠨ 15 ᠤ ᠡᠳᠦᠷ ᠦᠵᠡᠭᠴᠢᠳ ᠲᠠᠢ ᠵᠣᠯᠭᠠᠬᠤ ᠪᠣᠯᠣᠨ᠎ᠠ᠃
     ᠢᠷᠡᠯᠲᠡ᠄ ᠥᠪᠥᠷ ᠮᠣᠩᠭᠤᠯ ᠤᠨ ᠺᠢᠨᠤᠴᠢᠳ ᠤᠨ ᠨᠡᠶᠢᠭᠡᠮᠯᠢᠭ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号