ᠬᠥᠬᠡᠬᠤᠲᠠ ᠶᠢᠨ ᠰᠠᠶᠢᠬᠠᠨ ᠲᠣᠭᠤᠷᠢᠭ ᠤᠨ 2024 ᠣᠨ ᠤ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠶ ᠰᠢᠭᠤᠢ ᠶᠢᠨ ᠴᠠᠭᠳᠠᠭ᠎ᠠ ᠶᠢᠨ ᠵᠢᠵᠢᠭ ᠲᠣᠭᠤᠷᠢᠭ ᠵᠡᠷᠭᠡ 5 ᠬᠠᠭᠤᠴᠢᠨ ᠵᠢᠵᠢᠭ ᠲᠣᠭᠤᠷᠢᠭ ᠤᠨ ᠢᠨᠵᠧᠨᠧᠷᠢᠩ ᠤᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠳᠤ ᠣᠯᠠᠨ ᠨᠡᠶᠢᠲᠡ ᠶᠢᠨ ᠰᠠᠨᠠᠯ ᠢ ᠬᠤᠷᠢᠶᠠᠵᠤ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/12/19
    ᠦᠨᠳᠦᠰᠦ ᠪᠠᠷᠢᠮᠲᠠ᠄ ︽ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ︾ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ᠂ ᠡᠳᠦᠭᠡ ᠬᠥᠬᠡᠬᠤᠲᠠ ᠶᠢᠨ ᠰᠠᠶᠢᠬᠠᠨ ᠲᠣᠭᠤᠷᠢᠭ ᠤᠨ 2024 ᠣᠨ ᠤ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠣᠶ ᠰᠢᠭᠤᠢ ᠶᠢᠨ ᠴᠠᠭᠳᠠᠭ᠎ᠠ ᠶᠢᠨ ᠵᠢᠵᠢᠭ ᠲᠣᠭᠤᠷᠢᠭ ᠵᠡᠷᠭᠡ 5 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠬᠤᠷᠢᠶᠠᠪᠠ᠃    ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ           1᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠬᠢᠭᠡᠳ ᠠᠭᠤᠯᠭ᠎ᠠ᠄ ᠭᠡᠷ ᠤᠨ ᠤᠰᠤ ᠰᠡᠷᠭᠡᠶᠢᠯᠡᠬᠦ᠂ ᠬᠡᠷᠡᠮ  ᠤᠨ ᠳᠤᠯᠠᠭᠠᠨ  ᠢ ᠬᠠᠮᠠᠭᠠᠯᠠᠬᠤ᠂ ᠤᠯᠠᠨ ᠨᠡᠶᠢᠲᠡ ᠶᠢᠨ ᠨᠢᠭᠡᠴᠡ ᠡᠭᠦᠳᠡ ᠴᠣᠩᠬᠤ ᠶᠢ ᠰᠣᠯᠢᠬᠤ᠂ ᠳᠣᠲᠣᠷ᠎ᠠ ᠭᠠᠳᠠᠷ ᠬᠡᠷᠡᠮ ᠢ ᠥᠩᠭᠡᠯᠡᠬᠦ᠂ ᠪᠣᠷᠣᠭᠠᠨ ᠣᠷᠣᠬᠤ ᠬᠤᠭᠤᠯᠠᠢ ᠶᠢ ᠰᠣᠯᠢᠬᠤ᠂ ᠤᠰᠤ ᠬᠠᠩᠭᠠᠬᠤ ᠬᠤᠭᠤᠯᠠᠢ ᠶᠢᠨ ᠲᠣᠣᠷ  ᠢ ᠥᠭᠡᠷᠡᠴᠢᠯᠡᠬᠦ ᠢᠨᠵᠧᠨᠧᠷᠢᠩ᠂ ᠤᠰᠤ ᠵᠠᠯᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ᠂ ᠴᠢᠩᠭ᠎ᠠ ᠴᠠᠬᠢᠯᠭᠠᠨ ᠢ ᠥᠭᠡᠷᠡᠴᠢᠯᠡᠬᠦ ᠢᠨᠵᠧᠨᠧᠷᠢᠩ᠂ ᠰᠤᠯᠠ ᠴᠠᠬᠢᠯᠭᠠᠨ ᠢ ᠥᠭᠡᠷᠡᠴᠢᠯᠡᠬᠦ ᠢᠨᠵᠧᠨᠧᠷᠢᠩ᠂ ᠬᠦᠷᠢᠶᠡᠨ ᠭᠠᠳᠠᠷᠭᠤ ᠶᠢ ᠬᠠᠲᠠᠭᠤᠷᠠᠭᠤᠯᠬᠤ᠂ ᠪᠤᠰᠤᠳ ᠥᠭᠡᠷᠡᠴᠢᠯᠡᠬᠦ ᠢᠨᠵᠧᠨᠧᠷᠢᠩ ᠵᠡᠷᠭᠡ᠃           2. ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 4007.26 ᠲᠦᠮᠡᠨ ᠲᠥᠭᠦᠷᠢᠭ ᠪᠠᠶᠢᠵᠤ᠂ ᠪᠡᠯᠡ ᠮᠥᠩᠭᠦ ᠶᠢᠨ ᠢᠷᠡᠯᠲᠡ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠣᠨ᠎ᠠ᠃    ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ          ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯ ᠤᠳ᠄ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠬᠦ ᠨᠢᠭᠡᠴᠡ ᠳᠤ ᠬᠠᠷᠢᠭᠤ ᠲᠤᠰᠬᠠᠨ᠎ᠠ᠃    ᠭᠤᠷᠪᠠ᠂ ᠣᠯᠠᠨ ᠨᠡᠶᠢᠲᠡ ᠪᠠᠷ ᠢᠶᠠᠨ ᠣᠷᠣᠯᠴᠠᠵᠤ ᠬᠠᠷᠢᠯᠴᠠᠬᠤ ᠠᠷᠭ᠎ᠠ ᠮᠠᠶ᠋ᠢᠭ    ᠬᠠᠷᠢᠯᠴᠠᠬᠤ ᠬᠥᠮᠥᠨ᠄ ᠯᠧᠢ ᠬᠠᠢ ᠢᠩ ᠤᠨ ᠲᠥᠷᠥᠯ ᠵᠦᠢᠯ ᠤᠨ ᠨᠢᠭᠡᠴᠡ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ    ᠬᠠᠷᠢᠯᠴᠠᠬᠤ ᠤᠲᠠᠰᠤ᠄ 04714683717 ᠨᠢᠭᠡᠴᠡ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ                 ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠤᠮᠳᠠᠳᠤ ᠵᠡᠷᠭᠡ ᠶᠢᠨ ᠲᠤᠰᠬᠠᠢ                 ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ                                2023 ᠣᠨ ᠤ 11 ᠰᠠᠷ᠎ᠠ ᠶᠢᠨ 20 ᠤ ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号