ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠵᠤ ᠦᠢᠯᠡᠳᠦᠯᠭᠡ ᠪᠠᠨ ᠠᠬᠢᠭᠤᠯᠤᠶ᠎ᠠ
ᠨᠡᠶᠢᠲᠡᠯᠡᠭᠰᠡᠨ ᠴᠠᠭ᠄
2023/12/20
     ᠶᠡᠷᠦᠩᠬᠡᠢ ᠱᠦᠵᠢ ᠰᠢ ᠶᠢᠨ ᠫᠢᠩ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠭᠢᠯᠭᠡᠵᠦ᠂ ᠤᠯᠤᠰ ᠲᠥᠷᠥ ᠶᠢᠨ ᠬᠤᠭ ᠲᠣᠭᠤᠰᠣ ᠶᠢ ᠠᠷᠢᠯᠭᠠᠨ᠂ ᠦᠶᠯᠡ ᠠᠵᠢᠯᠯᠠᠭ᠎ᠠ ᠶᠢᠨ ᠲᠠᠰᠢᠶᠠᠷᠠᠯ ᠢ ᠵᠠᠯᠠᠷᠠᠭᠤᠯᠵᠤ᠂ ᠮᠠᠨ ᠤ ᠨᠠᠮ ᠢ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭᠠᠬᠤ ᠬᠡᠷᠡᠭᠲᠡᠢ ᠭᠡᠰᠡᠨ ᠪᠠᠶᠢᠨ᠎ᠠ᠃ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠲᠤᠬᠠᠢ ᠳᠤᠷᠠᠳᠤᠭᠰᠠᠨ ᠨᠢ ᠭᠤᠣᠯ ᠰᠡᠳᠦᠪᠲᠦ ᠬᠥᠮᠦᠵᠢᠯ ᠤᠨ ᠠᠬᠢᠴᠠ ᠳᠤ ᠴᠢᠭᠯᠡᠭᠦᠯᠦᠨ ᠬᠢᠭᠰᠡᠨ ᠤᠯᠤᠰ ᠲᠦᠷᠦ ᠶᠢᠨ ᠪᠣᠳᠣᠯᠬᠢᠯᠠᠯ ᠪᠤᠯᠬᠤ ᠪᠠᠷ ᠪᠠᠷᠠᠬᠤ ᠦᠭᠡᠢ ᠪᠠᠰᠠ ᠥᠪᠥᠷ ᠮᠣᠩᠭᠤᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠬᠦ ᠳᠤ ᠴᠢᠭᠯᠡᠭᠦᠯᠦᠨ ᠳᠤᠷᠠᠳᠤᠭᠰᠠᠨ ᠤᠯᠤᠰ ᠲᠦᠷᠦ ᠶᠢᠨ ᠱᠠᠭᠠᠷᠳᠠᠯᠭ᠎ᠠ ᠪᠣᠯᠣᠨ᠎ᠠ᠃      ᠪᠣᠳᠠᠲᠤ ᠠᠵᠢᠯᠯᠠᠭ᠎ᠠ ᠶᠢ ᠡᠷᠬᠢᠮᠯᠡᠵᠦ ᠰᠤᠷᠲᠠᠯ ᠢ ᠶᠡᠭᠡ ᠪᠠᠷ ᠪᠠᠳᠠᠷᠠᠭᠤᠯᠬᠤ ᠪᠣᠯ ᠠᠵᠢᠯ ᠦᠢᠯᠡᠰ ᠢ ᠪᠦᠲᠦᠭᠡᠬᠦ ᠶᠢᠨ ᠦᠨᠳᠦᠰᠦᠨ ᠠᠷᠭ᠎ᠠ ᠵᠠᠮ ᠮᠥᠨ᠃ ᠠᠶᠤᠯ ᠲᠦᠭᠰᠢᠭᠦᠷᠢ ᠬᠡᠳᠦᠢ ᠶᠡᠭᠡ᠂ ᠥᠷᠢᠰᠦᠯᠳᠦᠭᠡᠨ ᠬᠡᠳᠦᠢ ᠤᠯᠠᠨ᠂ ᠡᠭᠦᠷᠭᠡ ᠬᠡᠳᠦᠢ ᠬᠦᠨᠳᠦ ᠪᠤᠯᠬᠤ ᠲᠤᠳᠤᠮ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠳᠠᠷᠤᠢ ᠲᠡᠳᠦᠢ ᠶᠡᠭᠡ ᠱᠠᠭᠠᠷᠳᠠᠵᠤ᠂ ᠬᠡᠶᠢᠰᠪᠦᠷᠢ ᠵᠦᠢᠯ ᠢ ᠬᠥᠭᠡᠭᠡᠴᠡᠯᠳᠦᠬᠦ ᠦᠭᠡᠢ ᠪᠠᠷ ᠠᠯᠬᠤᠮ ᠠᠯᠬᠤᠮ ᠢᠶᠠᠷ ᠤᠷᠤᠭᠰᠢᠯᠠᠵᠤ᠂ ᠪᠣᠳᠠᠲᠠᠢ ᠠᠵᠢᠯᠯᠠᠬᠤ ᠪᠠᠷ ᠰᠡᠳᠦᠪ ᠢ ᠡᠪᠳᠡᠵᠦ᠂ ᠦᠢᠯᠡᠳᠦᠯᠭᠡ ᠳᠤ ᠲᠦᠰᠢᠭᠯᠡᠨ ᠰᠡᠳᠦᠪ ᠢ ᠵᠠᠳᠠᠯᠵᠤ᠂ ᠪᠣᠳᠠᠲᠤ ᠠᠮᠵᠢᠯᠲᠠ ᠪᠠᠷ ᠰᠡᠳᠦᠪ ᠢ ᠬᠠᠷᠢᠭᠤᠯᠤᠨ᠎ᠠ᠃      ᠠᠷᠢᠭᠤᠨ ᠴᠢᠬᠡᠴᠢ ᠰᠤᠷᠲᠠᠯ ᠢ ᠪᠠᠳᠠᠷᠠᠭᠤᠯᠬᠤ ᠪᠣᠯ ᠠᠷᠠᠳ ᠤᠨ ᠢᠲᠡᠭᠡᠯ ᠢ ᠣᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠠᠷᠢᠭᠤᠨ ᠴᠢᠬᠡᠴᠢ ᠪᠠᠷ ᠵᠠᠰᠠᠭ ᠪᠠᠷᠢᠪᠠᠯ ᠰᠠᠶ᠋ᠢ ᠠᠷᠠᠳ ᠤᠨ ᠢᠲᠡᠭᠡᠯ ᠢ ᠣᠯᠵᠤ ᠴᠢᠳᠠᠨ᠎ᠠ᠂ ᠡᠷᠬᠡ ᠪᠠᠨ ᠭᠤᠣᠯᠴᠢ ᠪᠠᠷ ᠬᠡᠷᠡᠭᠯᠡᠪᠡᠯ ᠰᠠᠶ᠋ᠢ ᠬᠥᠮᠥᠰ ᠤᠨ ᠰᠡᠳᠬᠢᠯ ᠢ ᠣᠯᠵᠤ ᠴᠢᠳᠠᠨ᠎ᠠ᠃ ᠡᠷᠬᠡᠪᠰᠢ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂  ᠶᠠᠰᠤ ᠶᠢ ᠨᠢ ᠬᠤᠰᠤᠵᠤ ᠬᠤᠣᠷ ᠢ ᠨᠢ ᠠᠷᠢᠯᠭᠠᠬᠤ ᠶᠢ ᠢᠮᠠᠭᠲᠠ ᠪᠠᠷᠢᠮᠲᠠᠯᠠᠪᠠᠯ ᠰᠠᠶ᠋ᠢ ᠡᠪ ᠬᠠᠮᠲᠤᠴᠤᠳ ᠤᠨ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠪᠦᠭᠦ ᠣᠷᠣᠨ ᠤ ᠨᠠᠮ ᠤᠨ ᠭᠡᠰᠢᠭᠦᠨ᠂ ᠺᠠᠳ᠋ᠷ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠳᠠᠶᠢᠴᠢᠯᠠᠨ ᠳᠠᠭᠠᠭᠤᠯᠵᠤ᠂ ᠰᠢᠨ᠎ᠡ ᠠᠶᠠᠨ ᠵᠠᠮ ᠳᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠵᠤ ᠴᠢᠳᠠᠨ᠎ᠠ᠃      ᠠᠷᠪᠢᠴᠢ ᠪᠣᠷᠣᠭᠵᠢᠭᠤᠨ ᠰᠤᠷᠲᠠᠯ ᠢ ᠪᠤᠢ ᠪᠤᠯᠭᠠᠬᠤ ᠪᠣᠯ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠶᠢᠨ ᠴᠢᠬᠤᠯᠠ ᠪᠠᠲᠤᠯᠠᠭ᠎ᠠ ᠮᠥᠨ᠃ ᠲᠡᠰᠪᠦᠷᠢ ᠬᠠᠲᠠᠭᠤᠵᠢᠯᠲᠠᠢ ᠪᠠᠷ ᠲᠡᠮᠡᠴᠡᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠪᠣᠯ ᠮᠠᠨ ᠤ ᠨᠠᠮ ᠤᠨ ᠤᠯᠠᠮᠵᠢᠯᠠᠯᠲᠤ ᠰᠤᠷᠲᠠᠯ ᠮᠥᠨ᠃ ᠰᠢᠨ᠎ᠡ ᠴᠠᠭ ᠦᠶ᠎ᠡ ᠳᠤ ᠲᠠᠰᠤᠷᠠᠯᠲᠠ ᠦᠭᠡᠢ ᠴᠡᠭᠴᠡᠯᠡᠨ ᠵᠠᠰᠠᠬᠤ ᠪᠠ ᠵᠢᠷᠤᠮᠵᠢᠭᠤᠯᠬᠤ ᠪᠠᠷ ᠳᠡᠮᠵᠢᠨ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠪᠦᠲᠦᠮᠵᠢᠲᠡᠶ ᠬᠤᠷᠢᠭᠯᠠᠪᠠ᠃ ᠭᠡᠪᠡᠴᠦ ᠰᠤᠷᠲᠠᠯ ᠤᠨ ᠠᠰᠠᠭᠤᠳᠠᠯ ᠨᠢ ᠮᠤᠵᠢᠭᠤᠳᠠ ᠴᠢᠨᠠᠷ᠂ ᠲᠠᠭᠢᠨ ᠳᠠᠪᠲᠠᠬᠤ ᠴᠢᠨᠠᠷ ᠲᠠᠢ ᠪᠠᠶᠢᠳᠠᠭ ᠪᠣᠯᠬᠤᠷ ᠡᠷᠬᠡᠪᠰᠢ ᠰᠤᠷᠲᠠᠯ ᠤᠨ ᠪᠠᠶᠢᠭᠤᠯᠤᠯᠲᠠ ᠶᠢ ᠢᠮᠠᠭᠲᠠ ᠪᠠᠷᠢᠮᠲᠠᠯᠠᠵᠤ᠂︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠲᠦᠯᠬᠢᠨ ᠠᠬᠢᠭᠤᠯᠬᠤ ᠨᠢ ᠳᠤᠩ ᠴᠢᠬᠤᠯᠠ ᠪᠠᠶᠢᠳᠠᠭ᠃      ᠡᠳᠡᠭᠡᠷ ᠨᠢ ᠪᠢᠳᠡᠨ ᠢ ᠵᠠᠪᠠᠯ ᠤᠯᠤᠰ ᠲᠦᠷᠦ᠂ ᠪᠠᠶᠢᠯᠳᠤᠬᠤ ᠪᠣᠳᠣᠯᠭ᠎ᠠ᠂ ᠪᠦᠭᠦ ᠲᠠᠯ᠎ᠠ ᠶᠢᠨ ᠥᠨᠳᠥᠷᠴᠡ ᠠᠴᠠ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠶᠢᠨ ᠣᠨᠴᠠᠭᠠᠶ ᠴᠢᠬᠤᠯᠠ ᠴᠢᠨᠠᠷ ᠢ ᠭᠦᠨᠵᠡᠭᠡᠢ ᠲᠠᠨᠢᠬᠤ ᠶᠢ ᠱᠠᠭᠠᠷᠳᠠᠵᠤ ᠪᠠᠶᠢᠳᠠᠭ᠃︽ᠪᠣᠳᠠᠲᠠᠢ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠯᠠᠪᠳᠠᠭᠤᠨ ᠪᠠᠲᠤᠲᠠᠢ ᠪᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠵᠢᠮ᠎ᠡ ᠶᠣᠰᠣ ᠶᠢ ᠵᠥᠷᠢᠴᠡᠬᠦ ᠦᠭᠡᠢ᠂ ᠰᠣᠬᠤᠷ ᠪᠠᠯᠠᠢ ᠪᠠᠷ ᠬᠢᠬᠦ ᠦᠭᠡᠢ᠂ ᠦᠡᠭᠭᠡᠨ ᠲᠠᠯ᠎ᠠ ᠶᠢᠨ ᠠᠵᠢᠯ ᠬᠢᠬᠦ ᠦᠭᠡᠢ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠳᠡᠯᠭᠡᠷᠡᠭᠦᠯᠵᠦ᠂ ᠪᠣᠳᠠᠲᠤ ᠪᠠᠶᠢᠳᠠᠯ ᠢ ᠪᠠᠶᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠲᠠᠯ᠎ᠠ ᠪᠠᠷ ᠬᠦᠴᠦ ᠲᠠᠯᠪᠢᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠨᠡᠨ ᠬᠦ ᠠᠵᠢᠯ ᠤᠨ ᠳᠤᠮᠳᠠ ᠪᠠᠨ ᠲᠤᠭᠤᠰᠢᠯᠠᠭᠤᠯᠵᠤ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠴᠢᠬᠤᠯᠠᠲᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号