ᠮᠣᠩᠭᠤᠯ ᠮᠣᠷᠢᠨ ᠤ ᠵᠣᠷᠢᠭ ᠰᠠᠨᠠᠭ᠎ᠠ - ᠥᠪᠥᠷ ᠮᠣᠩᠭᠤᠯ ᠤᠨ ᠤᠷᠠᠨ ᠵᠢᠷᠤᠭ ᠭᠡᠷᠡᠯ ᠵᠢᠷᠤᠭ ᠤᠨ ᠪᠦᠲᠦᠭᠡᠯ ᠤᠨ ᠦᠵᠡᠰᠭᠦᠯᠡᠩ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠳᠡᠯᠭᠡᠭᠳᠡᠪᠡ
ᠨᠡᠶᠢᠲᠡᠯᠡᠭᠰᠡᠨ ᠴᠠᠭ᠄
2023/12/20
     ᠮᠣᠩᠭᠤᠯ ᠮᠣᠷᠢᠨ ᠤ ᠵᠣᠷᠢᠭ ᠰᠠᠨᠠᠭ᠎ᠠ ︱ ᠥᠪᠥᠷ ᠮᠣᠩᠭᠤᠯ ᠤᠨ ᠤᠷᠠᠨ ᠵᠢᠷᠤᠭ ᠭᠡᠷᠡᠯ ᠵᠢᠷᠤᠭ ᠤᠨ ᠪᠦᠲᠦᠭᠡᠯ ᠤᠨ ᠦᠵᠡᠰᠭᠦᠯᠡᠩ ᠢ  12 ᠰᠠᠷ᠎ᠠ ᠶᠢᠨ 16 ᠤ ᠡᠳᠦᠷ ᠠᠴᠠ ᠡᠬᠢᠯᠡᠵᠦ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠳᠡᠯᠭᠡᠨ ᠦᠵᠡᠭᠦᠯᠪᠡ᠃ ᠦᠵᠡᠰᠭᠦᠯᠡᠩ 2024 ᠣᠨ ᠤ 1 ᠰᠠᠷ᠎ᠠ ᠶᠢᠨ 2 ᠤ ᠡᠳᠦᠷ ᠪᠤᠯᠳᠠᠯ᠎ᠠ ᠳᠡᠯᠭᠡᠭᠳᠡᠬᠦ ᠪᠣᠯᠣᠨ᠎ᠠ᠃      ᠲᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂  ᠥᠪᠡᠷᠲᠡᠭᠡᠨ ᠵᠠᠰᠠᠬᠤ ᠣᠷᠣᠨ ᠤ  ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠳᠠᠭᠠᠭᠠᠴᠢᠯᠠᠨ ᠡᠷᠭᠢᠯᠡᠵᠦ ᠪᠠᠶᠢᠭ᠎ᠠ ᠲᠣᠰ ᠤᠳᠠᠭ᠎ᠠ ᠶᠢᠨ  ᠦᠵᠡᠰᠭᠦᠯᠡᠩ ᠳᠤ ᠨᠡᠶᠢᠲᠡ 130 ᠭᠠᠷᠤᠢ ᠪᠦᠲᠦᠭᠡᠯ ᠢ ᠳᠡᠯᠭᠡᠨ ᠦᠵᠡᠭᠦᠯᠪᠡ᠃ ᠡᠭᠦᠨ ᠳᠤ ᠨᠡᠶᠢᠭᠡᠮ ᠨᠡᠶᠢᠲᠡ ᠠᠴᠠ ᠡᠯᠰᠡᠭᠰᠡᠨ ᠰᠢᠯᠢᠳᠡᠭ ᠪᠦᠲᠦᠭᠡᠯ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠠᠳᠠᠭᠠᠯᠠᠵᠤ ᠪᠠᠶᠢᠭ᠎ᠠ ᠰᠣᠳᠣᠨ ᠪᠦᠲᠦᠭᠡᠯ ᠵᠢᠴᠢ ᠥᠪᠥᠷ ᠮᠣᠩᠭᠤᠯ ᠤᠨ ᠤᠷᠠᠨ ᠵᠢᠷᠤᠭᠴᠢᠳ ᠤᠨ ᠨᠡᠶᠢᠭᠡᠮᠯᠢᠭ᠂ ᠭᠡᠷᠡᠯ ᠵᠢᠷᠤᠭᠴᠢᠳ ᠤᠨ ᠨᠡᠶᠢᠭᠡᠮᠯᠢᠭ ᠤᠨ ᠣᠨᠴᠠ ᠤᠷᠢᠭᠰᠠᠨ ᠰᠢᠯᠢᠳᠡᠭ ᠪᠦᠲᠦᠭᠡᠯ ᠵᠡᠷᠭᠡ ᠭᠤᠷᠪᠠᠨ ᠬᠡᠰᠡᠭ ᠢ ᠪᠠᠭᠲᠠᠭᠠᠪᠠ᠃ ᠤᠷᠠᠯᠢᠭ ᠤᠨ ᠭᠤᠣᠯ ᠲᠥᠷᠥᠯ ᠳᠤ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠪᠠᠷ ᠵᠢᠷᠤᠭ᠂ ᠱᠤᠭᠤᠮᠠᠯ᠂ ᠤᠰᠤᠨ ᠪᠤᠳᠤᠭ ᠤᠨ ᠵᠢᠷᠤᠭ ᠵᠡᠷᠭᠡ ᠤᠷᠠᠨ ᠵᠢᠷᠤᠭ ᠤᠨ ᠪᠦᠲᠦᠭᠡᠯ ᠪᠠ ᠭᠡᠷᠡᠯ ᠵᠢᠷᠤᠭ ᠤᠨ ᠪᠦᠲᠦᠭᠡᠯ ᠭᠡᠬᠦ ᠬᠤᠶᠠᠷ ᠲᠥᠷᠥᠯ ᠪᠤᠶ᠃      ᠦᠵᠡᠰᠭᠦᠯᠡᠩ ︽ᠳᠣᠪᠲᠣᠯᠬᠤ·ᠲᠡᠰᠪᠦᠷᠢ ᠬᠠᠲᠠᠭᠤᠵᠢᠯᠲᠠᠢ︾ ︽ᠳᠡᠭᠦᠯᠢᠬᠦ·ᠴᠤᠴᠠᠯᠲᠠ ᠦᠭᠡᠢ ᠤᠷᠤᠭᠰᠢᠯᠠᠬᠤ︾ ︽ᠳᠠᠪᠬᠢᠬᠤ·ᠵᠣᠷᠢᠭᠰᠠᠨ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ︾ ᠭᠡᠬᠦ ᠭᠤᠷᠪᠠᠨ ᠬᠡᠰᠡᠭ  ᠢᠶᠠᠷ ᠪᠦᠷᠢᠯᠳᠦᠵᠦ᠂  ᠪᠦᠲᠦᠭᠡᠯ ᠨᠢ ᠮᠣᠩᠭᠤᠯ ᠮᠣᠷᠢᠨ ᠤ ᠳᠦᠷᠢ ᠲᠥᠷᠬᠦ ᠪᠠᠷ ᠰᠠᠭᠤᠷᠢ ᠪᠤᠯᠭᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠦᠨᠳᠦᠰᠦᠯᠡᠨ᠂ ᠡᠯ᠎ᠡ ᠲᠡᠦᠬᠡᠨ ᠴᠠᠭ ᠦᠶ᠎ᠡ ᠳᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠵᠠᠯᠭᠠᠮᠵᠢᠯᠠᠭᠰᠠᠨ ᠠᠮᠢᠳᠤᠯᠢᠭ ᠦᠢᠯᠡᠳᠦᠯᠭᠡ᠂ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠪᠣᠯᠣᠨ ᠴᠢᠬᠤᠯᠠ ᠠᠮᠵᠢᠯᠲᠠ ᠪᠦᠲᠦᠮᠵᠢ ᠳᠤ ᠰᠠᠭᠤᠷᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠭ᠎ᠠ ᠠᠮᠢᠳᠤᠯᠢᠭ ᠦᠢᠯᠡᠳᠦᠯᠭᠡ ᠶᠢ ᠭᠦᠢᠴᠡᠳ ᠬᠠᠷᠠᠭᠤᠯᠵᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号