︽ᠪᠠᠷᠠᠭᠤᠨᠰᠢ ᠨᠢᠭᠡ ᠦᠷᠳᠡᠭᠡ ᠠᠶᠠᠯᠠᠨ ᠴᠠᠰᠤ ᠮᠥᠰᠥᠨ ᠳᠤ ᠨᠠᠭᠠᠳᠤᠶ᠎ᠠ︾ ᠰᠢᠷᠢᠰ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/12/20
     ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ︽ᠪᠠᠷᠠᠭᠤᠨᠰᠢ ᠨᠢᠭᠡ ᠦᠷᠳᠡᠭᠡ ᠠᠶᠠᠯᠠᠨ ᠴᠠᠰᠤ ᠮᠥᠰᠥᠨ ᠳᠤ ᠨᠠᠭᠠᠳᠤᠶ᠎ᠠ︾ ᠮᠥᠰᠥ ᠴᠠᠰᠤᠨ ᠤ ᠰᠣᠶᠣᠯ ᠲᠠᠮᠢᠷ ᠵᠢᠭᠤᠯᠴᠢᠯᠠᠯ ᠤᠨ ᠰᠢᠷᠢᠰ ᠠᠵᠢᠯᠯᠠᠭ᠎ᠠ ᠣᠷᠴᠢᠮᠬᠠᠨ ᠭᠦᠭᠡᠬᠤᠲᠠ ᠶᠢᠨ ᠮᠠ ᠽᠥᠩ ᠱᠠᠨ ᠴᠠᠨᠠᠯᠠᠯᠳᠠ ᠶᠢᠨ ᠲᠠᠯᠠᠪᠠᠢ ᠪᠣᠯᠣᠨ ᠤᠯᠠᠭᠠᠨᠴᠠᠪ ᠬᠤᠲᠠ ᠶᠢᠨ ᠶᠡᠭᠡ ᠭᠤᠣᠯ ᠤᠨ ᠲᠣᠬᠤᠢ ᠴᠠᠨᠠᠯᠠᠯᠳᠠ ᠶᠢᠨ ᠲᠠᠯᠠᠪᠠᠢ ᠳᠤ ᠵᠡᠷᠭᠡ ᠪᠠᠷ ᠡᠬᠢᠯᠡᠪᠡ᠃      ᠲᠤᠰ ᠰᠢᠷᠢᠰ ᠠᠵᠢᠯᠯᠠᠭ᠎ᠠ ᠶᠢᠨ ᠭᠤᠣᠯ ᠳᠠᠯᠠᠪᠠᠢ ᠪᠤᠯᠬᠤ ᠭᠦᠭᠡᠬᠤᠲᠠ ᠶᠢᠨ ᠮᠠ ᠽᠥᠩ ᠱᠠᠨ ᠴᠠᠨᠠᠯᠠᠯᠳᠠ  ᠶᠢᠨ ᠲᠠᠯᠠᠪᠠᠢ ᠪᠣᠯᠣᠨ ᠤᠯᠠᠭᠠᠨᠴᠠᠪ ᠬᠤᠲᠠ ᠶᠢᠨ ᠶᠡᠭᠡ ᠭᠤᠣᠯ ᠤᠨ ᠲᠣᠬᠤᠢ ᠣᠯᠠᠨ ᠤᠯᠤᠰ ᠤᠨ ᠴᠠᠨᠠᠯᠠᠯᠳᠠ ᠶᠢᠨ ᠲᠠᠯᠠᠪᠠᠢ ᠵᠢᠴᠢ ᠵᠢᠨᠢᠩ ᠤᠨ ᠴᠠᠭᠠᠨ ᠤ ᠬᠤᠳᠠ ᠴᠠᠨᠠᠯᠠᠯᠳᠠ ᠶᠢᠨ ᠲᠠᠯᠠᠪᠠᠢ ᠪᠠ ᠳᠠᠭ᠎ᠠ ᠶᠢᠨ ᠨᠠᠭᠤᠷ ᠣᠯᠠᠨ ᠤᠯᠤᠰ  ᠤᠨ ᠴᠠᠨᠠᠯᠠᠯᠳᠠ ᠶᠢᠨ ᠲᠠᠯᠠᠪᠠᠢ ᠳᠤ ᠳᠠᠭᠤᠤ ᠪᠥᠵᠢᠭ ᠤᠨ ᠲᠤᠬᠯᠠᠯᠳᠠ ᠬᠠᠷᠠᠭ᠎ᠠ ᠪᠤᠯᠢᠶᠠᠨ ᠰᠣᠨᠣᠷ ᠪᠠᠶᠠᠰᠬᠠᠵᠤ᠂ ᠴᠠᠨᠠᠯᠠᠭᠴᠢᠳ ᠥᠩᠭᠡ ᠶᠢᠨ ᠬᠤᠪᠴᠠᠰᠤ ᠡᠮᠦᠰᠦᠨ ᠡᠯᠳᠡᠪ ᠵᠦᠢᠯ ᠤᠨ ᠤᠷᠤᠯᠳᠤᠭᠠᠨ ᠳᠤ ᠣᠷᠣᠯᠴᠠᠨ᠂ ᠭᠦᠷ ᠬᠥᠭᠵᠢᠶᠡᠨ ᠢᠶᠠᠷ ᠪᠢᠯᠬᠠᠨ᠎ᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠬᠠᠷᠢᠭᠤᠴᠠᠯᠭᠠᠲᠠᠨ ᠤᠯᠠᠭᠠᠨᠴᠠᠪ ᠬᠤᠳᠠ ᠶᠢᠨ ᠶᠡᠭᠡ ᠭᠤᠣᠯ ᠤᠨ ᠲᠣᠬᠤᠢ ᠤᠯᠠᠨ ᠤᠯᠤᠰ ᠤᠨ ᠴᠠᠨᠠᠯᠠᠯᠳᠠ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠢᠭᠤᠳ ᠨᠡᠪᠲᠡᠷᠡᠭᠦᠯᠭᠡ ᠳᠤ ᠣᠷᠣᠯᠴᠠᠵᠤ᠂ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠬᠤ ᠳᠠᠭᠠᠨ᠂ ︽ᠲᠤᠰ  ᠠᠵᠢᠯᠯᠠᠭ᠎ᠠ ᠪᠠᠨ︿ᠪᠠᠷᠠᠭᠤᠨᠰᠢ ᠨᠢᠭᠡ ᠦᠷᠳᠡᠭᠡ ᠠᠶᠠᠯᠠᠨ ᠴᠠᠰᠤ ᠮᠥᠰᠥᠨ ᠳᠤ ᠨᠠᠭᠠᠳᠤᠶ᠎ᠠ﹀ ᠭᠡᠵᠦ ᠨᠡᠷᠡᠶᠢᠳᠦᠭᠰᠡᠨ ᠨᠢ ᠥᠪᠥᠷ ᠮᠣᠩᠭᠤᠯ ᠨᠡᠶᠢᠰᠯᠡᠯ ᠪᠡᠭᠡᠵᠢᠩ ᠠᠴᠠ ᠣᠶᠢᠷᠠᠬᠠᠨ ᠪᠠᠶᠢᠳᠠᠭ ᠭᠠᠵᠠᠷ ᠵᠦᠢ ᠶᠢᠨ ᠳᠠᠪᠠᠭᠤᠯᠢᠭ ᠢ ᠢᠯᠡᠷᠡᠭᠦᠯᠵᠦ᠂ ᠪᠦᠭᠦ ᠤᠯᠤᠰ᠂ ᠪᠦᠭᠦ ᠳᠡᠯᠡᠬᠡᠢ ᠶᠢᠨ ᠵᠢᠭᠤᠯᠴᠢᠯᠠᠬᠰᠠᠳ ᠤᠨ ᠥᠪᠥᠷ ᠮᠣᠩᠭᠤᠯ ᠳᠤ ᠵᠢᠭᠤᠯᠴᠢᠯᠠᠵᠤ ᠴᠠᠨᠠᠯᠠᠬᠤ ᠶᠢ ᠤᠷᠢᠵᠤ ᠪᠠᠶᠢᠨ᠎ᠠ︾ ᠭᠡᠵᠡᠢ᠃      ᠮᠠᠨ ᠤ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠮᠥᠰᠥ ᠴᠠᠰᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠶᠢ ᠵᠣᠷᠢᠭᠰᠠᠨ ᠡᠨᠡ ᠬᠦ ᠠᠵᠢᠯᠯᠠᠭ᠎ᠠ ᠨᠢ ᠮᠥᠰᠥ ᠴᠠᠰᠤᠨ ᠤ ᠰᠣᠶᠣᠯ ᠢ ᠪᠠᠶᠠᠯᠢᠭᠵᠢᠭᠤᠯᠤᠨ᠂ ᠮᠥᠰᠥ ᠴᠠᠰᠤᠨ ᠤ ᠪᠦᠭᠦ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠲᠦᠷᠭᠡᠨ ᠪᠠᠶᠢᠭᠤᠯᠬᠤ ᠪᠠᠷ ᠭᠤᠣᠯ ᠪᠤᠯᠭᠠᠵᠤ᠂ ᠨᠡᠩ ᠤᠯᠠᠨ ᠬᠥᠮᠥᠰ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠡᠪᠦᠯ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠠᠵᠤ ᠦᠢᠯᠡᠰ ᠤᠨ ᠬᠡᠷᠡᠭᠯᠡᠭᠡ ᠶᠢᠨ ᠳᠡᠰ ᠳᠡᠪᠰᠢᠬᠦ ᠶᠢ ᠠᠬᠢᠭᠤᠯᠤᠨ᠂ ᠪᠦᠭᠦ ᠣᠷᠣᠨ ᠪᠦᠰᠡ ᠪᠦᠭᠦ ᠤᠯᠠᠷᠢᠯ ᠤᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠮᠠᠨ ᠤ ᠣᠷᠣᠨ ᠤ ᠠᠮᠢ ᠠᠬᠤᠢ ᠶᠢᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号