︽ᠭᠦᠭᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠩᠬᠠᠭ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/12/20
     2023 ᠣᠨ ᠤ ᠪᠦᠭᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ ᠲᠦᠷᠦᠭᠦᠬᠡᠨ ᠭᠦᠭᠡᠬᠤᠲᠠ ᠳᠤ ᠶᠠᠪᠤᠭᠳᠠᠪᠠ᠃ ᠶᠠᠷᠢᠶᠠᠨ ᠤ ᠲᠠᠪᠴᠠᠩ ᠳᠡᠭᠡᠷ᠎ᠡ᠂ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︽ᠭᠦᠭᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠩᠬᠠᠭ︾ ︵ᠳᠣᠷᠣᠭᠰᠢ︽ᠲᠤᠩᠬᠠᠭ︾ ᠭᠡᠵᠦ ᠲᠣᠪᠴᠢᠯᠠᠨ᠎ᠠ︶ ᠢ ᠨᠡᠶᠢᠲᠡᠯᠡᠪᠡ᠃            ︽ᠲᠤᠩᠬᠠᠭ︾ ᠲᠤ᠂ ᠭᠦᠭᠡᠬᠤᠲᠠ ᠶᠢᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠵᠢᠴᠢ ᠲᠡᠭᠦᠨ ᠤ ᠠᠭᠤᠯᠤᠭᠳᠠᠬᠤᠨ ᠤ ᠱᠠᠭᠠᠷᠳᠠᠯᠭ᠎ᠠ ᠶᠢᠨ ᠲᠣᠭᠤᠷᠢᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠷᠢᠮᠵᠢᠶ᠎ᠠ ᠶᠢᠨ ᠦᠵᠡᠭᠦᠯᠭᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠶᠢ ᠴᠢᠬᠤᠯᠠ ᠬᠦᠴᠦᠯᠡᠴᠡ ᠪᠤᠯᠭᠠᠵᠤ᠂ ᠴᠢᠳᠠᠪᠤᠷᠢᠲᠠᠨ ᠤ ᠬᠡᠯᠬᠢᠶ᠎ᠡ ᠪᠠᠷ ᠶᠡᠷᠦᠩᠬᠡᠢ ᠬᠥᠲᠥᠯᠥᠮᠵᠢ ᠪᠣᠯᠭᠠᠨ᠂ ᠰᠤᠷᠭᠠᠨ ᠬᠥᠮᠦᠵᠢᠯ ᠤᠨ ᠬᠡᠯᠬᠢᠶ᠎ᠡ ᠶᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠶᠢ ᠬᠥᠭᠵᠢᠭᠡᠨ᠂ ᠠᠵᠤ ᠦᠢᠯᠡᠰ ᠤᠨ ᠬᠡᠯᠬᠢᠶ᠎ᠡ ᠳᠤ ᠦᠢᠯᠡᠴᠢᠯᠡᠨ᠎ᠡ᠃ ︽ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠡᠷᠴᠢᠮᠯᠢᠭ ᠬᠠᠮᠲᠤ ᠪᠠᠷ ᠡᠳ᠋ᠯᠡᠬᠦ᠂ ᠣᠶᠤᠨᠯᠢᠭ ᠲᠦᠷᠭᠡᠨ︾ ᠣᠳᠣᠬᠢᠴᠢᠯᠠᠭᠰᠠᠨ ᠵᠢᠱᠢᠶ᠎ᠡ ᠦᠵᠡᠭᠦᠯᠭᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠪᠦᠭᠦᠨ ᠢ ᠬᠠᠮᠤᠷᠬᠤ ᠶᠢ ᠪᠡᠶᠡᠯᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠨᠡᠪᠲᠡᠷᠡᠭᠦᠯᠬᠦ᠂ ᠠᠵᠤ ᠦᠢᠯᠡᠰ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ   ᠠᠴᠠ ᠨᠢᠭᠡᠳᠦᠯᠲᠡᠢ ᠲᠥᠯᠥᠪᠯᠡᠬᠦ᠂ ᠱᠠᠲᠤ ᠬᠤᠪᠢᠶᠠᠨ ᠬᠠᠮᠢᠶᠠᠷᠬᠤ᠂ ᠣᠷᠣᠨ ᠨᠤᠲᠤᠭ ᠢᠶᠠᠷ ᠭᠤᠣᠯ ᠪᠤᠯᠭᠠᠬᠤ᠂ ᠠᠵᠢᠯ ᠲᠥᠷᠥᠯ ᠢᠶᠠᠷ ᠵᠢᠯᠤᠭᠤᠳᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ ᠣᠯᠠᠨ ᠡᠰᠢᠲᠦ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠪᠤᠶ ᠪᠤᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠨᠠᠩ ᠰᠠᠶᠢᠲᠤᠷ ᠠᠭᠤᠰᠤᠯᠴᠠᠭᠤᠯᠤᠨ᠎ᠠ᠃ ︽ᠨᠠᠮ ᠤᠨ ᠲᠥᠯᠥᠭᠡ ᠬᠥᠮᠥᠨ ᠢ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ ᠬᠥᠮᠥᠵᠢᠭᠦᠯᠬᠦ︾ᠲᠠᠷᠬᠠᠨ ᠡᠭᠦᠷᠭᠡ ᠶᠢ ᠪᠠᠲᠤ ᠰᠠᠬᠢᠵᠤ᠂  ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠡᠰᠢ ᠬᠤᠪᠢᠷᠠᠭᠤᠯᠬᠤ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠲᠡᠪᠴᠢᠬᠦ᠂ ᠰᠢᠯᠢᠳᠡᠭ ᠲᠠᠯ᠎ᠠ ᠪᠠᠨ ᠬᠥᠮᠥᠵᠢᠭᠦᠯᠵᠦ ᠬᠦᠴᠦᠷᠬᠡᠭᠵᠢᠭᠦᠯᠬᠦ ᠶᠢ ᠬᠥᠲᠥᠯᠥᠨ ᠳᠠᠭᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠨᠡᠩ ᠥᠨᠳᠥᠷ ᠲᠡᠰ ᠳᠠᠪᠬᠤᠷᠭ᠎ᠠ᠂ ᠨᠡᠩ ᠴᠢᠨᠠᠷ ᠰᠠᠶᠢᠲᠠᠢ ᠲᠡᠰᠢ ᠳᠠᠪᠰᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃            ︽ᠲᠤᠩᠬᠠᠭ︾ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠲᠠᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠢᠮᠠᠭᠲᠠ ᠤᠯᠤᠰ ᠢᠶᠠᠨ ᠪᠠᠶᠠᠵᠢᠭᠤᠯᠤᠨ ᠤᠯᠤᠰ ᠢᠶᠠᠨ ᠮᠠᠨᠳᠤᠭᠤᠯᠬᠤ ᠡᠭᠦᠷᠭᠡ ᠬᠠᠷᠢᠭᠤᠴᠠᠯᠭ᠎ᠠ ᠲᠠᠢ ᠨᠢᠭᠲᠠ ᠬᠤᠯᠪᠣᠵᠤ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ᠰᠣᠶᠣᠯ ᠮᠡᠳᠡᠯᠭᠡ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ᠂ ᠨᠡᠶᠢᠭᠡᠮ ᠤᠨ ᠦᠢᠯᠡᠳᠦᠯᠭᠡ ᠵᠡᠷᠭᠡ ᠰᠤᠷᠭᠠᠨ ᠬᠥᠮᠦᠵᠢᠯ ᠤᠨ ᠡᠯ᠎ᠡ ᠭᠤᠭᠴᠤᠭ᠎ᠠ ᠳᠤ ᠠᠭᠤᠰᠬᠠᠵᠤ᠂ ᠤᠷᠠᠨ ᠳᠠᠷᠬᠠᠨ ᠤ ᠵᠣᠷᠢᠭ ᠰᠠᠨᠠᠭ᠎ᠠ ᠪᠠᠷ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠷᠣᠨ ᠤ ᠲᠥᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠰᠤᠭᠠᠢ ᠭᠡᠵᠦ ᠤᠷᠢᠶᠠᠯᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号