ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2023/12/20
     - ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠬᠤ ᠲᠤᠬᠠᠢ ᠰᠢᠷᠢᠰ ᠥᠭᠦᠯᠡᠮᠵᠢ ⑿      ᠡᠨᠧᠷᠭᠢ ᠪᠣᠯ ᠠᠵᠤ ᠦᠢᠯᠡᠳᠪᠦᠷᠢ ᠶᠢᠨ ᠠᠮᠤ ᠬᠦᠨᠡᠰᠦ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠃ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠪᠦᠭᠦ ᠤᠯᠤᠰ ᠤᠨ ᠡᠨᠧᠷᠭᠢ ᠶᠢᠨ ᠬᠠᠩᠭᠠᠯᠭ᠎ᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠳᠤᠮᠳᠠ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠳᠤ ︽ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ︾ ᠶᠢ ᠲᠣᠪᠣᠶᠢᠮ᠎ᠠ ᠴᠢᠬᠤᠯᠠᠴᠢᠯᠠᠪᠠ᠂ ᠡᠨᠡ ᠨᠢ ᠮᠠᠨ ᠤ ᠣᠷᠣᠨ ᠤ ᠡᠨᠧᠷᠭᠢ ᠶᠢᠨ ᠠᠵᠤ ᠦᠢᠯᠡᠰ ᠤᠨ ᠲᠠᠰ ᠲᠡᠪᠰᠢᠨ ᠬᠥᠭᠵᠢᠬᠦ ᠳᠤ ᠬᠦᠴᠦᠨ ᠨᠡᠮᠡᠷᠢᠯᠡᠵᠦ᠂ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠠᠲᠤᠯᠠᠬᠤ ᠳᠤ ᠲᠤᠶᠢᠯ ᠤᠨ ᠶᠡᠭᠡ ᠠᠬᠢᠭᠤᠯᠬᠤ ᠦᠢᠯᠡᠳᠦᠯ ᠲᠠᠢ ᠶᠤᠮ᠃      ᠨᠡᠭᠦᠷᠡᠰᠦ᠂ ᠨᠡᠭᠦᠷᠡᠰᠦᠨ ᠴᠠᠭᠢᠯᠭᠠᠨ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠤᠯᠠᠮᠵᠢᠯᠠᠯᠲᠤ ᠡᠨᠧᠷᠭᠢ ᠪᠣᠯ ᠥᠪᠥᠷ ᠮᠣᠩᠭᠤᠯ ᠤᠨ ᠰᠠᠭᠤᠷᠢ ᠠᠵᠤ ᠦᠢᠯᠡᠰ ᠪᠠᠶᠢᠵᠤ᠂ ᠠᠵᠤ ᠠᠬᠤᠢ ᠶᠢᠨ ᠬᠥᠭᠵᠢᠯᠲᠡ ᠶᠢ ᠲᠣᠭᠲᠠᠪᠤᠷᠢᠵᠢᠭᠤᠯᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠦᠨᠳᠦᠰᠦᠨ ᠵᠦᠢᠯ ᠢ ᠪᠠᠲᠤᠯᠠᠬᠤ ᠦᠢᠯᠡᠳᠦᠯ ᠦᠵᠡᠭᠦᠯᠵᠦ ᠪᠠᠶᠢᠨ᠎ᠠ᠃ ᠪᠢᠳᠡ ᠨᠡᠭᠦᠷᠡᠰᠦᠨ ᠴᠠᠭᠢᠯᠭᠠᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠳᠠᠷᠠᠭᠤᠯᠵᠤ᠂ ᠨᠡᠭᠦᠷᠡᠰᠦ ᠨᠥᠭᠡᠴᠡᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠣᠬᠢᠬᠤ ᠬᠡᠪᠴᠢᠶᠡᠨ ᠤ ᠨᠡᠭᠦᠷᠡᠰᠦ ᠬᠡᠷᠡᠭᠯᠡᠬᠦ ᠣᠷᠭᠢᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠨᠥᠭᠡᠴᠡᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠠᠶᠢᠭᠤᠯᠵᠤ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠦᠨᠡᠨ ᠬᠦ ᠰᠠᠶᠢᠲᠤᠷ ᠪᠠᠲᠤᠯᠠᠬᠤ ᠭᠡᠷᠡᠭᠲᠡᠢ; ᠨᠡᠭᠦᠷᠡᠰᠦᠨ ᠴᠠᠭᠢᠯᠭᠠᠨ ᠤ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠨ᠂ ᠨᠡᠭᠦᠷᠡᠰᠦᠨ ᠴᠠᠭᠢᠯᠭᠠᠨ ᠤ ᠨᠢᠭᠡ ᠪᠦᠯᠦᠭ ᠲᠥᠷᠥᠯ ᠵᠦᠢᠯ ᠢ ᠨᠥᠭᠡᠴᠡᠯᠡᠵᠦ᠂ ᠴᠠᠭᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠭᠡᠷᠡᠭᠳᠡᠢ; ᠴᠢᠯᠠᠭᠤᠨ ᠲᠣᠰᠣ ᠰᠢᠲᠠᠮᠠᠬᠠᠢ ᠬᠡᠢ ᠶᠢᠨ ᠲᠠᠯ᠎ᠠ ᠪᠠᠷ᠂ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃      ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠣᠳᠣᠬᠠᠨ  ᠤ ᠪᠠᠶᠢᠳᠠᠯ ᠳᠤ ᠰᠠᠭᠤᠷᠢᠯᠠᠬᠤ ᠪᠠᠷ ᠪᠠᠷᠠᠬᠤ ᠦᠭᠡᠢ ᠨᠡᠩ ᠴᠤ ᠠᠯᠤᠰ ᠭᠡᠳᠦ ᠶᠢ ᠪᠣᠳᠣᠯᠬᠢᠯᠠᠬᠤ ᠬᠡᠷᠡᠭᠲᠡᠢ᠃ ᠡᠨᠧᠷᠭᠢ  ᠶᠢᠨ ᠬᠠᠩᠭᠠᠯᠭ᠎ᠠ ᠶᠢ ᠪᠠᠲᠤᠯᠠᠬᠤ ᠰᠠᠭᠤᠷᠢ ᠶᠢ ᠦᠷᠭᠦᠯᠵᠢᠯᠡᠨ ᠪᠠᠬᠢᠵᠢᠭᠦᠯᠦᠭᠰᠡᠨ ᠤᠷᠢᠲᠠᠯ ᠳᠣᠣᠷ᠎ᠠ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠ ᠶᠢ ᠥᠭᠡᠷᠡᠴᠢᠯᠡᠵᠦ ᠬᠤᠯᠪᠤᠭᠠᠯᠠᠨ ᠬᠥᠳᠡᠯᠦᠯᠴᠡᠬᠦ︾ ᠶᠢ ᠪᠦᠭᠦ ᠲᠠᠯ᠎ᠠ ᠪᠠᠷ ᠠᠬᠢᠭᠤᠯᠵᠤ᠂ ᠨᠢᠭᠡᠨᠲᠡ ᠪᠠᠶᠢᠭ᠎ᠠ ᠨᠡᠭᠦᠷᠡᠰᠦᠨ ᠠᠭᠤᠷᠬᠠᠢ ᠳᠤ ᠨᠢᠭᠡ ᠪᠦᠯᠦᠭ ᠢ ᠡᠮᠬᠢ ᠵᠢᠷᠤᠮ  ᠲᠠᠢ ᠪᠠᠷ ᠤᠬᠤᠷᠢᠭᠤᠯᠤᠨ ᠭᠠᠷᠭᠠᠬᠤ᠂ ᠨᠢᠭᠡ ᠪᠦᠯᠦᠭ ᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ᠂ ᠨᠢᠭᠡ ᠪᠦᠯᠦᠭ  ᠢ ᠥᠭᠡᠷᠡᠴᠢᠯᠡᠨ ᠲᠡᠰ ᠳᠡᠪᠰᠢᠭᠦᠯᠬᠦ᠂ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠵᠢᠭᠦᠯᠦᠨ᠂ ᠣᠷᠳᠣᠰ  ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠠ ᠨᠡᠭᠦᠷᠡᠰᠦ ᠪᠠᠷ ᠴᠢᠯᠠᠭᠤᠨ ᠲᠣᠰᠣ ᠰᠢᠲᠠᠮᠠᠬᠠᠢ ᠬᠡᠢ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ  ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠨᠡᠭᠦᠷᠡᠰᠦᠨ ᠳᠤ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠳᠡᠭᠡᠳᠦ ᠳᠡᠰᠵᠢᠭᠰᠡᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃      ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠢᠮᠠᠭᠲᠠ ᠪᠠᠲᠤ ᠡᠭᠦᠷᠭᠡᠯᠡᠵᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠪᠡᠯ᠂ ᠪᠢᠳᠡ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠶᠡᠭᠡ ᠲᠠᠯ᠎ᠠ ᠶᠢ ᠪᠠᠲᠤᠯᠠᠬᠤ ᠲᠠᠯ᠎ᠠ ᠪᠠᠷ ᠨᠡᠩ ᠤᠯᠠᠨ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠵᠦ᠂ ᠨᠡᠩ ᠶᠡᠭᠡ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠵᠦ ᠴᠢᠳᠠᠬᠤ ᠨᠢ ᠯᠠᠪᠲᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号