ᠡᠨᠡ ᠦᠵᠡᠭᠳᠡᠯ ᠦᠨᠡᠬᠡᠷ ᠳᠤᠯᠠᠭᠠᠬᠠᠨ ᠪᠠᠶᠢᠯ᠎ᠠ!
ᠨᠡᠶᠢᠲᠡᠯᠡᠭᠰᠡᠨ ᠴᠠᠭ᠄
2023/12/22
     12 ᠰᠠᠷ᠎ᠠ ᠶᠢᠨ 16  ᠤ ᠡᠳᠦᠷ᠂ ᠬᠤᠳᠠᠯᠳᠤᠭᠠᠴᠢᠨ ᠡᠷᠦᠭᠡ ᠶᠢᠨ ᠬᠢᠨ ᠰᠠᠶᠢᠬᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠡᠪᠦᠯ ᠤᠨ ᠡᠳᠦᠷ ᠤᠨ ᠬᠠᠯᠠᠭᠤᠨ ᠳᠤᠯᠠᠭᠠᠨ ᠢ ᠬᠦᠷᠭᠡᠵᠦ᠂ ᠡᠭᠡᠯ ᠵᠢᠷ ᠤᠨ ᠥᠴᠥᠬᠡᠨ ᠶᠠᠪᠤᠳᠠᠯ ᠢᠶᠠᠷ ᠬᠠᠯᠠᠭᠤᠨ ᠳᠤᠯᠠᠭᠠᠨ ᠢ ᠳᠠᠮᠵᠢᠭᠤᠯᠵᠤ᠂ ᠠᠵᠢᠯ ᠤᠨ ᠪᠠᠶᠢᠷᠢ ᠶᠢᠨ ᠡᠮᠦᠨ᠎ᠡ ᠹᠷᠣᠨᠲ ᠲᠤ ᠠᠵᠢᠯᠯᠠᠬᠤ ᠪᠠᠨ ᠪᠠᠲᠤ ᠰᠠᠬᠢᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠦᠨᠡᠨᠬᠦ ᠬᠠᠶᠢᠷ᠎ᠠ ᠬᠠᠯᠠᠮᠵᠢ ᠶᠢ ᠬᠦᠷᠲᠡᠭᠡᠵᠡᠢ᠃            ᠬᠡᠳᠦᠨ ᠡᠳᠦᠷ ᠦᠷᠭᠦᠯᠵᠢᠯᠡᠭᠰᠡᠨ ᠴᠠᠰᠤ ᠣᠷᠣᠭᠰᠠᠨ ᠠᠴᠠ ᠵᠠᠮ ᠳᠡᠭᠡᠷ᠎ᠡ ᠴᠠᠰᠤ ᠬᠤᠷᠠᠵᠤ᠂ ᠮᠥᠰᠥ ᠬᠥᠯᠳᠡᠵᠦ᠂ ᠤᠯᠠᠨ ᠲᠦᠮᠡᠨ ᠶᠠᠪᠤᠵᠤ ᠰᠠᠭᠤᠬᠤ ᠳᠤ ᠲᠤᠶᠢᠯ ᠤᠨ ᠳᠥᠭᠦᠮ ᠦᠭᠡᠢ ᠪᠣᠯᠤᠭᠰᠠᠨ ᠪᠥᠭᠡᠳ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠠᠵᠢᠯ ᠤᠨ ᠬᠦᠴᠢᠷᠳᠡᠯ ᠢ ᠨᠡᠮᠡᠭᠳᠡᠭᠦᠯᠪᠡ᠂ ᠬᠤᠳᠠ ᠳᠤ ᠰᠠᠭᠠᠳ ᠦᠭᠡᠢ ᠨᠡᠪᠲᠡᠷᠡᠬᠦ ᠵᠠᠮ ᠤᠳ ᠢ ᠴᠡᠪᠡᠷᠯᠡᠬᠦ ᠶᠢᠨ ᠲᠥᠯᠥᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠡᠳᠦᠨ ᠡᠳᠦᠷ ᠳᠠᠷᠠᠭᠠᠯᠠᠨ ᠴᠠᠰᠤ ᠱᠦᠭᠦᠷᠳᠡᠵᠦ ᠮᠥᠰᠥ ᠠᠷᠢᠯᠭᠠᠬᠤ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠵᠤ᠂ ᠴᠥᠭᠡᠨ ᠪᠤᠰᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠤᠭᠤᠯᠠ ᠪᠠᠨ ᠢᠳᠡᠬᠦ ᠵᠠᠪ ᠦᠭᠡᠢ ᠶᠠᠭᠠᠷᠠᠯᠳᠤᠪᠠ᠃            ᠬᠠᠯᠠᠭᠤᠨ ᠳᠤᠯᠠᠭᠠᠨ ᠬᠦᠷᠭᠡᠬᠦ ᠲᠤᠬᠠᠢ ᠶᠢᠨ ᠲᠠᠯᠠᠪᠠᠢ ᠳᠤ᠂ ᠰᠠᠶᠢᠬᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠪᠣᠯᠣᠨ ᠬᠤᠳᠠᠯᠳᠤᠭᠠᠨ ᠤ ᠬᠢᠨ ᠬᠠᠯᠠᠭᠤᠨ ᠳᠤᠯᠠᠭᠠᠨ ᠪᠣᠭᠤᠷᠰᠤᠭ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠲᠤ ᠬᠦᠷᠭᠡᠵᠦ᠂ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠬᠤ ᠶᠢᠨ ᠬᠠᠮᠲᠤ ᠲᠡᠳᠡᠨ ᠢ ᠬᠦᠢᠲᠡᠨ ᠠᠴᠠ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠶᠢ ᠠᠩᠬᠠᠷᠴᠤ᠂ ᠬᠤᠪᠢ ᠬᠥᠮᠥᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠨ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃            ᠴᠠᠰᠤ ᠰᠢᠭᠤᠷᠭ᠎ᠠ ᠠᠭᠠᠵᠢᠮ ᠢᠶᠠᠷ ᠨᠠᠮᠳᠠᠭᠰᠠᠨ ᠪᠣᠯᠪᠠᠴᠤ ᠮᠥᠰᠥ ᠴᠠᠰᠤᠨ ᠤ ᠠᠵᠢᠯ ᠮᠥᠨ ᠦᠷᠭᠦᠯᠵᠢᠯᠡᠭᠰᠡᠭᠡᠷ ᠪᠠᠶᠢᠨ᠎ᠠ᠃ ︽ᠮᠠᠨ ᠤ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠬᠦᠢᠲᠡᠨ ᠡᠪᠦᠯ ᠤᠨ ᠤᠯᠠᠷᠢᠯ ᠳᠤ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠠᠶᠢᠷ᠎ᠠ ᠬᠠᠯᠠᠮᠵᠢ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠡᠭᠦᠨ ᠤ ᠬᠠᠮᠲᠤ᠂ ᠰᠠᠶᠢᠬᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠴᠤ ᠬᠦᠴᠦ ᠪᠠᠨ ᠲᠥᠪᠯᠡᠷᠡᠭᠦᠯᠦᠨ ᠡᠨᠡ ᠤᠳᠠᠭ᠎ᠠ ᠶᠢᠨ ᠴᠠᠰᠤ ᠮᠥᠰᠥ ᠶᠢ ᠠᠷᠢᠯᠭᠠᠬᠤ ᠠᠵᠢᠯ ᠳᠤ ᠣᠷᠣᠯᠴᠠᠵᠤ᠂ ᠥᠷᠭᠡᠨ ᠤᠯᠠᠨ ᠬᠤᠳᠠ ᠶᠢᠨ ᠠᠷᠠᠳ ᠲᠤ ᠨᠡᠩ ᠰᠠᠶᠢᠨ ᠠᠶᠠᠯᠠᠯ ᠤᠨ ᠪᠠᠲᠤᠯᠠᠭ᠎ᠠ ᠬᠠᠩᠭᠠᠵᠤ᠂ ᠥᠷᠭᠡᠨ ᠤᠯᠠᠨ ᠬᠤᠳᠠ ᠶᠢᠨ ᠠᠷᠠᠳ ᠲᠤ ᠬᠥᠬᠡ ᠬᠤᠳᠠ ᠶᠢᠨ ᠬᠠᠯᠠᠭᠤᠨ ᠳᠤᠯᠠᠭᠠᠨ ᠢ ᠬᠦᠷᠲᠡᠭᠡᠨ᠎ᠡ︾ ᠭᠡᠵᠦ ᠰᠠᠶᠢᠬᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠬᠤ ᠲᠠᠰᠤᠭ ᠤᠨ ᠵᠠᠩ ᠶᠦᠩ ᠬᠡᠯᠡᠪᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号