| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2023﹈ 12 ᠳ᠋ᠤᠭᠠᠷ ᠲᠣᠭᠠᠲᠤ | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | | | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ | ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | | | 2023 ᠣᠨ ᠤ 1 ᠳ᠋ᠦ᠋ᠭᠡᠷ ᠰᠠᠷ᠎ᠠ ᠶᠢᠨ 14 | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠤᠨ᠂ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠨ᠂ ᠠᠮᠤ | ᠪᠤᠳᠠᠭ᠎ᠠ ᠬᠤᠳᠠᠯᠳᠤᠨ ᠠᠪᠬᠤ ᠡᠮᠬᠢ ᠵᠢᠷᠤᠮ ᠢ ᠦᠨᠡᠨ ᠬᠦ ᠬᠠᠮᠠᠭᠠᠯᠠᠨ᠂ ᠠᠮᠤ ᠪᠤᠳᠠᠭᠠᠨ ᠤ ᠦᠢᠯᠡᠳᠪᠦᠷᠢᠯᠡᠭᠴᠢ᠂ | ᠬᠤᠳᠠᠯᠳᠤᠨ ᠠᠪᠤᠭᠴᠢ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ | ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | | | | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠴᠠᠷᠠᠭᠠᠨ ᠳᠤ ᠠᠮᠤ ᠪᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠪᠠᠶᠢᠭᠠᠯᠢ ᠬᠥᠮᠥᠨ᠂ | ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ︵ᠳᠣᠷᠣᠭᠰᠢ ᠠᠮᠤ ᠪᠤᠳᠠᠭᠠᠨ ᠤ | ᠬᠤᠳᠠᠯᠳᠤᠨ ᠠᠪᠤᠭᠴᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠣᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠢ᠃ | ᠲᠣᠰ ᠠᠷᠭ᠎ᠠ ᠳᠤ ᠶᠠᠷᠢᠵᠤ ᠪᠠᠶᠢᠭ᠎ᠠ ᠠᠮᠤ ᠪᠤᠳᠠᠭ᠎ᠠ ᠭᠡᠳᠡᠭ ᠨᠢ ᠪᠤᠭᠤᠳᠠᠢ᠂ ᠲᠤᠲᠤᠷᠭ᠎ᠠ᠂ ᠡᠷᠳᠡᠨᠢ ᠰᠢᠰᠢ᠂ | ᠡᠯᠳᠡᠪ ᠠᠮᠤ ᠵᠢᠴᠢ ᠴᠠᠶᠢᠯᠭᠠᠭᠰᠠᠨ ᠠᠮᠤ ᠶᠢ ᠵᠢᠭᠠᠵᠤ ᠪᠣᠢ᠃ | | | ᠭᠤᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠭᠡᠳᠡᠭ ᠨᠢ ᠠᠮᠤ ᠪᠤᠳᠠᠭ᠎ᠠ ᠲᠠᠷᠢᠵᠤ ᠪᠠᠶᠢᠭ᠎ᠠ | ᠲᠠᠷᠢᠶᠠᠴᠢᠨ᠂ ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠪᠤᠶᠤ ᠠᠮᠤ ᠪᠤᠳᠠᠭᠠᠨ ᠤ ᠡᠷᠬᠢᠯᠡᠨ ᠡᠵᠡᠩᠨᠡᠭᠴᠢ᠂ | ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠶᠢᠨ ᠪᠥᠭᠡᠮ ᠢᠶᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ | ᠵᠢᠭᠠᠵᠤ ᠪᠣᠢ᠃ | ᠠᠮᠤ ᠪᠤᠳᠠᠭᠠᠨ ᠤ ᠡᠷᠬᠢᠯᠡᠨ ᠡᠵᠡᠩᠨᠡᠭᠴᠢ ᠭᠡᠳᠡᠭ ᠨᠢ ᠬᠤᠪᠢ ᠬᠥᠮᠥᠨ ᠪᠤᠶᠤ ᠭᠡᠷ ᠪᠦᠯᠢ ᠪᠠᠷ | ᠡᠵᠡᠩᠨᠡᠯᠲᠡ ᠶᠢᠨ ᠭᠤᠣᠯ ᠴᠣᠭᠴᠠ ᠪᠣᠯᠭᠠᠵᠤ ᠰᠢᠭᠤᠳ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠨ᠂ ᠪᠤᠰᠤᠳ | ᠠᠮᠤ ᠪᠤᠳᠠᠭᠠᠨ ᠤ ᠦᠢᠯᠡᠳᠪᠦᠷᠢᠯᠡᠭᠴᠢ᠂ ᠲᠠᠷᠢᠶᠠᠴᠢᠨ ᠤ ᠲᠤᠰᠬᠠᠢ ᠬᠤᠷᠰᠢᠶ᠎ᠠ ᠠᠴᠠ ᠪᠥᠭᠡᠮ ᠢᠶᠠᠷ ᠠᠮᠤ ᠪᠤᠳᠠᠭ᠎ᠠ | ᠬᠤᠳᠠᠯᠳᠤᠨ ᠠᠪᠳᠠᠭ ᠡᠵᠡᠩᠨᠡᠭᠴᠢ ᠶᠢ ᠵᠢᠭᠠᠵᠤ ᠪᠣᠢ᠃ | | | ᠳᠥᠷᠪᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ᠂ | ᠲᠥᠪ ᠭᠤᠣᠯᠴᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠵᠤ᠂ ᠠᠮᠤ ᠪᠤᠳᠠᠭ᠎ᠠ ᠦᠢᠯᠡᠳᠪᠦᠷᠢᠯᠡᠭᠴᠢ ᠶᠢᠨ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠂ ᠤᠯᠤᠰ ᠤᠨ ᠠᠰᠢᠭ ᠲᠤᠰᠠ ᠪᠠ ᠨᠡᠶᠢᠭᠡᠮ | ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ᠃ | ᠭᠤᠣᠯ ᠴᠣᠭᠴᠠ ᠶᠢᠨ ᠣᠯᠠᠨ ᠡᠰᠢᠵᠢᠭᠰᠡᠨ᠂ ᠭᠤᠣᠯᠴᠢ ᠨᠡᠭᠡᠭᠡᠯᠲᠡ ᠲᠠᠢ᠂ ᠥᠷᠢᠰᠦᠯᠳᠦᠭᠡᠨ ᠨᠢ ᠡᠮᠬᠢ | ᠵᠢᠷᠤᠮ ᠲᠠᠢ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠢ ᠴᠣᠭᠴᠠᠯᠠᠬᠤ ᠶᠢ ᠵᠣᠷᠢᠭᠵᠢᠭᠤᠯᠬᠤ ᠶᠢᠨ ᠬᠠᠮᠲᠤ᠂ | ᠪᠦᠲᠦᠮᠵᠢᠲᠡᠢ ᠠᠷᠭ᠎ᠠ ᠠᠪᠴᠤ ᠪᠠᠶᠢᠭᠠᠳ ᠠᠮᠤ ᠪᠤᠳᠠᠭ᠎ᠠ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ ᠪᠠ ᠪᠠᠭᠠᠰᠬᠠᠨ᠎ᠠ᠃ | | | | ᠲᠠᠪᠤᠳᠤᠭᠠᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠣᠢ ᠪᠣᠯᠭᠠᠵᠤ᠂ | ᠲᠠᠷᠢᠶᠠᠴᠢᠨ ᠪᠣᠯᠣᠨ ᠠᠵᠤ ᠠᠬᠤᠶᠢᠯᠠᠯ ᠳᠤ ᠦᠢᠯᠡᠴᠢᠯᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯᠯᠠᠭ᠎ᠠ ᠳᠤ ᠪᠠᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠤᠯᠢ ᠪᠤᠰᠤ ᠠᠷᠭ᠎ᠠ ᠪᠠᠷᠢᠯ ᠢᠶᠠᠷ ᠠᠮᠤ ᠪᠤᠳᠠᠭᠠᠨ ᠤ | ᠴᠢᠯᠦᠭᠡᠲᠡᠢ ᠭᠦᠢᠯᠭᠡᠭᠡᠨ ᠢ ᠬᠠᠷᠰᠢᠯᠠᠬᠤ ᠶᠢ ᠡᠷᠡᠰ ᠴᠠᠭᠠᠵᠠᠯᠠᠨ᠎ᠠ᠃ ᠠᠮᠤ ᠪᠤᠳᠠᠭ᠎ᠠ ᠬᠤᠳᠠᠯᠳᠤᠨ ᠠᠪᠤᠭᠴᠢ ᠶᠢᠨ | ᠬᠠᠤᠯᠢ ᠶᠣᠰᠣᠨ ᠤ ᠡᠷᠬᠡ ᠠᠰᠢᠭ ᠢ ᠬᠥᠨᠥᠭᠡᠵᠦ ᠪᠣᠯᠬᠤ ᠦᠭᠡᠢ᠃ | | | ᠵᠢᠷᠭᠤᠳᠤᠭᠠᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠵᠤ᠂ ᠠᠮᠤ | ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠠᠯᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠪᠠᠩᠬᠢ᠂ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠨᠢ ᠥᠪᠡᠷ ᠥᠪᠡᠷ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠠᠮᠤ ᠪᠤᠳᠠᠭ᠎ᠠ ᠬᠤᠳᠠᠯᠳᠤᠨ ᠠᠪᠬᠤ ᠶᠢᠨ ᠬᠠᠮᠢᠶ᠎ᠠ ᠪᠦᠬᠦᠢ | ᠵᠣᠬᠢᠴᠠᠯᠳᠤᠭᠤᠯᠤᠨ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | | | ᠬᠤᠶᠠᠳᠤᠭᠠᠷ ᠪᠦᠯᠦᠭ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ | | | | ᠳᠣᠯᠣᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ | ᠬᠠᠮᠢᠶᠠᠷᠤᠯᠲᠠ ᠶᠢᠨ ᠠᠵᠢᠯ ᠳᠤ ︽ᠢᠯᠡ ᠪᠠᠶᠢᠯᠭᠠᠬᠤ᠂ ᠲᠥᠪ ᠴᠢᠬᠡᠴᠢ᠂ ᠲᠥᠪ ᠭᠤᠣᠯᠴᠢ᠂ ᠠᠷᠠᠳ ᠲᠤ ᠳᠥᠭᠦᠮ | ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠤᠶᠠᠨ ᠬᠠᠳᠠᠨ ᠮᠥᠷᠲᠡᠭᠡᠨ ᠥᠨᠳᠥᠷ ᠪᠦᠲᠦᠮᠵᠢᠲᠡᠢ︾ | ︽ᠬᠡᠨ ᠪᠦᠷᠢᠳᠬᠡᠨ ᠳᠠᠩᠰᠠᠯᠠᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠢ ᠪᠠᠷᠢᠮᠲᠠᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠥᠬᠦ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ | ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠣᠭᠤᠳᠤᠨ᠎ᠠ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ | ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶᠠᠲᠤ ᠣᠷᠣᠨ ᠳᠠᠬᠢ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ | ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠨ᠎ᠠ᠃ | | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠰ ᠬᠠᠷᠢᠶᠠᠲᠤ ᠣᠷᠣᠨ ᠳᠠᠬᠢ ᠠᠮᠤ ᠪᠤᠳᠠᠭ᠎ᠠ | ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | | | ᠨᠠᠢᠮᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠪᠠ | ᠬᠤᠪᠢᠷᠠᠭᠠᠬᠤ ᠠᠵᠢᠯ ᠢ ᠲᠤᠬᠠᠢ ᠶᠢᠨ ᠲᠠᠯᠠᠪᠠᠢ᠂ ᠰᠦᠯᠵᠢᠶᠡᠨ ᠳᠤ ᠪᠦᠷᠢᠳᠬᠡᠨ ᠳᠠᠩᠰᠠᠯᠠᠬᠤ ᠵᠢᠴᠢ ᠵᠠᠬᠢᠳᠠᠯ᠂ ᠹᠠᠺᠰ᠂ | ᠡᠯᠧᠺᠲᠷᠣᠨ ᠰᠢᠤᠳᠠᠨ ᠵᠡᠷᠭᠡ ᠣᠯᠡᠨ ᠵᠦᠢᠯ ᠤᠨ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ | | | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ | ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠷᠢᠳᠬᠡᠨ ᠳᠠᠩᠰᠠᠯᠠᠬᠤ ᠠᠷᠭ᠎ᠠ | ᠬᠡᠯᠪᠡᠷᠢ᠂ ᠬᠠᠷᠢᠯᠴᠠᠬᠤ ᠬᠥᠮᠥᠨ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ | ᠢᠯᠡ ᠨᠡᠶᠢᠲᠡᠯᠡᠵᠦ᠂ ᠲᠡᠭᠦᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠪᠠᠨ ᠠᠮᠤ | ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠵᠦᠢᠯᠡᠰ ᠤᠨ ᠦᠢᠯᠡᠴᠢᠯᠡᠭᠡᠨ ᠤ | ᠵᠦᠭᠯᠡᠭᠦᠷ᠂ ᠭᠦᠢᠴᠡᠳᠬᠡᠬᠦ ᠴᠤᠪᠤᠷᠠᠯ ᠵᠡᠷᠭᠡ ᠶᠢ ᠨᠡᠶᠢᠲᠡ ᠳᠤ ᠵᠠᠷᠯᠠᠵᠤ᠂ ᠬᠤᠯᠪᠣᠭᠳᠠᠯ ᠪᠦᠬᠦᠢ ᠪᠦᠷᠢᠳᠬᠡᠨ | ᠳᠠᠩᠰᠠᠯᠠᠬᠤ ᠮᠠᠲ᠋ᠧᠷᠢᠶᠠᠯ ᠢ ᠲᠠᠭᠯᠠᠬᠤ ᠶᠢᠨ ᠦᠯᠢᠭᠡᠷ ᠪᠢᠴᠢᠭ ᠰᠡᠯᠲᠡ ᠶᠢ ᠬᠠᠩᠭᠠᠵᠤ᠂ ᠠᠮᠤ ᠪᠤᠳᠠᠭ᠎ᠠ ᠬᠤᠳᠠᠯᠳᠤᠨ | ᠠᠪᠬᠤ ᠠᠵᠤ ᠠᠬᠤᠶᠢᠯᠠᠯ ᠢ ᠠᠮᠤ ᠪᠤᠳᠠᠭ᠎ᠠ ᠬᠤᠳᠠᠯᠳᠤᠨ ᠠᠪᠬᠤ ᠶᠢᠨ ᠪᠦᠷᠢᠳᠬᠡᠨ ᠳᠠᠩᠰᠠᠯᠠᠬᠤ ᠲᠠᠢ ᠬᠠᠮᠢᠶ᠎ᠠ | ᠦᠭᠡᠢ ᠮᠠᠲ᠋ᠧᠷᠢᠶᠠᠯ ᠬᠠᠩᠭᠠᠬᠤ ᠪᠠᠷ ᠱᠠᠭᠠᠷᠳᠠᠵᠤ ᠪᠣᠯᠬᠤ ᠦᠭᠡᠢ᠃ | | | ᠠᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ | ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠠᠮᠤ ᠪᠤᠳᠠᠭ᠎ᠠ | ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠬᠦ ᠳᠤ ᠪᠠᠨ ᠶᠠᠮᠠᠷ ᠴᠦ | ᠰᠦᠢᠳᠬᠡᠯ ᠬᠤᠷᠢᠶᠠᠵᠤ ᠪᠣᠯᠬᠤ ᠦᠭᠡᠢ᠂ ᠪᠤᠰᠤᠳ ᠠᠴᠠ ᠡᠳ᠋ ᠪᠣᠳᠠᠰ ᠨᠡᠬᠡᠬᠦ ᠪᠤᠶᠤ ᠬᠦᠯᠢᠶᠡᠨ ᠠᠪᠴᠤ ᠪᠣᠯᠬᠤ | ᠦᠭᠡᠢ᠂ ᠵᠦᠢ ᠪᠤᠰᠤ ᠠᠰᠢᠭ ᠲᠤᠰᠠ ᠶᠢᠨ ᠬᠤᠶᠢᠨ᠎ᠠ ᠠᠴᠠ ᠬᠥᠭᠡᠭᠡᠴᠡᠯᠳᠦᠵᠦ ᠪᠣᠯᠬᠤ ᠦᠭᠡᠢ᠃ | | | ᠠᠷᠪᠠᠨ ᠨᠢᠭᠡᠳᠦᠭᠡᠷ ᠵᠦᠢᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠨ ᠬᠠᠮᠢᠶᠠᠷᠬᠤ ᠳᠦᠷᠢᠮ︾ ᠵᠡᠷᠭᠡ ᠶᠢᠨ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠳᠠᠩᠰᠠᠯᠠᠭᠤᠯᠤᠨ ᠲᠡᠮᠳᠡᠭᠯᠡᠬᠦ ᠠᠵᠢᠯ ᠢ ᠭᠦᠢᠴᠡᠳᠬᠡᠬᠦ ᠮᠥᠷᠲᠡᠭᠡᠨ ᠠᠮᠤ ᠪᠤᠳᠠᠭ᠎ᠠ ᠬᠤᠳᠠᠯᠳᠤᠨ | ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ ᠨᠢ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠵᠤ ᠠᠬᠤᠶᠢᠯᠠᠯ ᠤᠨ ᠨᠡᠷᠡᠶᠢᠳᠦᠯ᠂ ᠬᠠᠶ᠋ᠢᠭ᠂ ᠬᠠᠷᠢᠭᠤᠴᠠᠯᠭᠠᠲᠠᠨ ᠵᠢᠴᠢ | ᠬᠥᠮᠥᠷᠭᠡᠯᠡᠬᠦ ᠪᠡᠯᠡᠳᠬᠡᠮᠵᠢ ᠵᠡᠷᠭᠡ ᠮᠡᠳᠡᠭᠡ ᠵᠠᠩᠭᠢ ᠪᠠᠨ ᠪᠦᠷᠢᠳᠬᠡᠨ ᠳᠠᠩᠰᠠᠯᠠᠭᠤᠯᠤᠭᠰᠠᠨ ᠪᠠᠶᠢᠬᠤ ᠬᠡᠷᠡᠭᠲᠡᠢ᠃ | ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠨᠢ ᠬᠤᠪᠢᠷᠠᠯᠲᠠ ᠭᠠᠷᠪᠠᠯ ᠴᠠᠭ ᠲᠤᠬᠠᠢ ᠳᠤ ᠨᠢ ᠬᠤᠪᠢᠷᠠᠭᠤᠯᠤᠨ | ᠳᠠᠩᠰᠠᠯᠠᠭᠤᠯᠬᠤ ᠬᠡᠷᠡᠭᠲᠡᠢ᠃ | | | ᠠᠷᠪᠠᠨ ᠬᠤᠶᠠᠳᠤᠭᠠᠷ ᠵᠦᠢᠯ ᠨᠡᠭᠡᠭᠡᠯᠲᠡ ᠶᠢᠨ ᠲᠣᠭᠤᠷᠢᠭ ᠵᠡᠷᠭᠡ ᠠᠮᠤ ᠪᠤᠳᠠᠭ᠎ᠠ ᠬᠤᠳᠠᠯᠳᠤᠨ ᠠᠪᠬᠤ ᠠᠵᠤ | ᠠᠬᠤᠶᠢᠯᠠᠯ ᠢ ᠪᠦᠷᠢᠳᠬᠡᠨ ᠳᠠᠩᠰᠠᠯᠠᠬᠤ ᠠᠵᠢᠯ ᠥᠷᠨᠢᠭᠦᠯᠵᠦ ᠪᠣᠯᠬᠤ ᠦᠭᠡᠢ ᠶᠢ ᠨᠢ ᠪᠠᠶᠢᠭ᠎ᠠ ᠭᠠᠵᠠᠷ ᠤᠨ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠮᠤ | ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠡᠭᠡᠭᠡᠯᠲᠡ ᠶᠢᠨ | ᠲᠣᠭᠤᠷᠢᠭ ᠵᠡᠷᠭᠡ ᠶᠢᠨ ᠪᠠᠶᠢᠭ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ | ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠣᠶᠢᠷ᠎ᠠ ᠬᠠᠪᠢ ᠶᠢᠨ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠭᠦᠢᠴᠡᠳᠬᠡᠯᠭᠡᠨ᠂ ᠵᠠᠷᠴᠢᠮ ᠳᠡᠭᠡᠷ᠎ᠡ ᠪᠠᠨ ᠠᠳᠠᠯᠢ | ᠨᠢᠭᠡᠨ ᠣᠷᠣᠨ ᠬᠡᠪᠴᠢᠶᠡᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠤ ᠠᠳᠠᠯᠢ ᠨᠢᠭᠡᠨ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠪᠠᠶᠢᠭᠠᠳ ᠠᠮᠤ ᠪᠤᠳᠠᠭ᠎ᠠ ᠬᠤᠳᠠᠯᠳᠤᠨ ᠠᠪᠬᠤ | ᠪᠦᠷᠢᠳᠬᠡᠨ ᠳᠠᠩᠰᠠᠯᠠᠬᠤ ᠠᠵᠢᠯ ᠢ ᠭᠦᠢᠴᠡᠳᠬᠡᠯᠭᠡᠨ᠎ᠡ᠃ | | | ᠠᠷᠪᠠᠨ ᠭᠤᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠳᠣᠣᠷᠠᠬᠢ | ᠪᠦᠷᠢᠳᠬᠡᠨ ᠳᠠᠩᠰᠠᠯᠠᠬᠤ ᠮᠠᠲ᠋ᠧᠷᠢᠶᠠᠯ ᠢ ᠲᠤᠰᠢᠶᠠᠬᠤ ᠴᠢᠬᠤᠯᠠᠲᠠᠢ᠄ | ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ | ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠬᠤ ᠮᠡᠳᠡᠭᠡ ᠵᠠᠩᠭᠢ ᠶᠢᠨ ᠬᠦᠰᠦᠨᠦᠭᠲᠦ︾︔ | ︵ᠬᠤᠶᠠᠷ︶ ᠡᠵᠡᠩᠨᠡᠯᠲᠡ ᠶᠢᠨ ᠦᠨᠡᠮᠯᠡᠯ ︵ᠪᠠᠭᠤᠯᠭᠠᠪᠤᠷᠢ︶︔ | ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ | ︵ᠪᠠᠭᠤᠯᠭᠠᠪᠤᠷᠢ︶︔ | ︵ᠳᠥᠷᠪᠡ︶ ᠨᠥᠭᠡᠴᠡᠯᠡᠬᠦ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢᠨ ᠭᠡᠷᠡᠴᠢ ︵ᠪᠠᠭᠤᠯᠭᠠᠪᠤᠷᠢ︶ ᠪᠤᠶᠤ | ᠬᠦᠴᠦᠨ ᠪᠦᠬᠦᠢ ᠲᠦᠷᠢᠶᠡᠰᠦᠯᠡᠬᠦ ᠭᠡᠷ᠎ᠡ ︵ᠪᠠᠭᠤᠯᠭᠠᠪᠤᠷᠢ︶ ᠵᠡᠷᠭᠡ︔ | ᠰᠠᠯᠠᠭ᠎ᠠ ᠮᠥᠴᠢᠷ ᠬᠤᠭᠤᠷᠣᠨᠳᠤ ᠪᠠᠨ ᠭᠤᠶᠤᠴᠢᠯᠠᠬᠤ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠮᠲᠤ ᠪᠠᠷ | ᠬᠦᠷᠲᠡᠵᠦ ᠬᠡᠷᠡᠭᠯᠡᠬᠦ ᠶᠢ ᠪᠡᠶᠡᠯᠡᠭᠦᠯᠦᠭᠰᠡᠨ ᠪᠣᠯ ᠬᠠᠩᠭᠠᠬᠤ ᠦᠭᠡᠢ ᠪᠠᠶᠢᠵᠤ ᠪᠣᠯᠣᠨ᠎ᠠ᠃ | | | ᠠᠷᠪᠠᠨ ᠳᠥᠷᠪᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ | ᠬᠤᠳᠠᠯᠳᠤᠨ ᠠᠪᠬᠤ ᠠᠵᠢᠯᠯᠠᠭ᠎ᠠ ᠡᠬᠢᠯᠡᠭᠦᠯᠬᠦ ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠤ ᠪᠦᠷᠢᠳᠬᠡᠨ | ᠳᠠᠩᠰᠠᠯᠠᠬᠤ ᠪᠠᠨ ᠪᠡᠶᠡᠯᠡᠭᠦᠯᠦᠭᠰᠡᠨ ᠪᠠᠶᠢᠬᠤ ᠬᠡᠷᠡᠭᠲᠡᠢ᠃ | ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠭᠤᠯᠤᠭᠰᠠᠨ | ᠠᠭᠤᠯᠭ᠎ᠠ ᠶᠢᠨ ᠠᠯᠢ ᠨᠢᠭᠡᠨ ᠵᠦᠢᠯ ᠳᠤ ᠬᠤᠪᠢᠷᠠᠯᠲᠠ ᠭᠠᠷᠪᠠᠯ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ | ᠡᠬᠢᠯᠡᠭᠦᠯᠬᠦ ᠠᠴᠠ ᠡᠮᠦᠨ᠎ᠡ ᠪᠦᠷᠢᠳᠬᠡᠨ ᠳᠠᠩᠰᠠᠯᠠᠭᠰᠠᠨ ᠢᠶᠠᠨ ᠬᠤᠪᠢᠷᠠᠭᠠᠬᠤ ᠶᠢᠨ ᠬᠠᠮᠲᠤ ᠬᠠᠮᠢᠶ᠎ᠠ ᠪᠦᠬᠦᠢ | ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃ | | | ᠠᠷᠪᠠᠨ ᠲᠠᠪᠤᠳᠤᠭᠠᠷ ᠵᠦᠢᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠠᠮᠤ ᠪᠤᠳᠠᠭ᠎ᠠ ᠬᠤᠳᠠᠯᠳᠤᠨ | ᠠᠪᠬᠤ ᠠᠵᠤ ᠠᠬᠤᠶᠢᠯᠠᠯ ᠤᠨ ᠲᠤᠰᠢᠶᠠᠭᠰᠠᠨ ᠪᠦᠷᠢᠳᠬᠡᠨ ᠳᠠᠩᠰᠠᠯᠠᠭᠤᠯᠬᠤ ︵ᠬᠤᠪᠢᠷᠠᠭᠠᠬᠤ︶ ᠮᠠᠲ᠋ᠧᠷᠢᠶᠠᠯ ᠢ | ᠬᠦᠯᠢᠶᠡᠨ ᠠᠪᠤᠭᠰᠠᠨ ᠤ ᠳᠠᠷᠠᠭ᠎ᠠ᠂ ᠲᠤᠰᠢᠶᠠᠭᠰᠠᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ | ᠬᠡᠷᠡᠭᠲᠡᠢ᠃ | ᠠᠵᠤ ᠠᠬᠤᠶᠢᠯᠠᠯ ᠤᠨ ᠲᠤᠬᠠᠢ ᠶᠢᠨ ᠲᠠᠯᠠᠪᠠᠢ ᠳᠤ ᠲᠤᠰᠢᠶᠠᠭᠰᠠᠨ ᠮᠠᠲ᠋ᠧᠷᠢᠶᠠᠯ ᠨᠢ ᠪᠦᠷᠢᠨ ᠭᠦᠢᠴᠡᠳ᠂ | ᠲᠠᠭᠯᠠᠭᠰᠠᠨ ᠮᠡᠳᠡᠭᠡ ᠵᠠᠩᠭᠢ ᠠᠯᠳᠠᠭ᠎ᠠ ᠦᠭᠡᠢ ᠪᠣᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ 11 ᠠᠵᠢᠯᠯᠠᠬᠤ | ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠬᠡᠷᠡᠭᠲᠡᠢ᠂ ᠡᠭᠦᠨ ᠤ ᠬᠠᠮᠲᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ | ᠳᠠᠩᠰᠠᠯᠠᠭᠰᠠᠨᠬᠦ᠋ᠰᠦᠨᠦᠭᠲᠦ ᠶᠢ ᠭᠠᠷᠭᠠᠵᠤ ᠥᠭᠬᠦ ᠬᠡᠷᠡᠭᠲᠡᠢ᠃ | ᠲᠤᠬᠠᠢ ᠶᠢᠨ ᠲᠠᠯᠠᠪᠠᠢ ᠳᠤ ᠭᠤᠶᠤᠴᠢᠯᠠᠭᠰᠠᠨ ᠦᠭᠡᠢ ᠶᠢ ᠨᠢ ᠪᠦᠷᠢᠳᠬᠡᠨ ᠳᠠᠩᠰᠠᠯᠠᠯᠲᠠ ᠶᠢ ᠬᠦᠯᠢᠶᠡᠨ | ᠠᠪᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠪᠦᠷᠢᠳᠬᠡᠨ ᠳᠠᠩᠰᠠᠯᠠᠬᠤ ︵ᠬᠤᠪᠢᠷᠠᠭᠠᠬᠤ︶ | ᠶᠢ ᠪᠡᠶᠡᠯᠡᠭᠦᠯᠬᠦ ᠬᠡᠷᠡᠭᠲᠡᠢ᠃ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠭᠰᠠᠨ ︵ | ᠬᠤᠪᠢᠷᠠᠭᠠᠭᠰᠠᠨ ᠤ ᠬᠤᠶᠢᠨ᠎ᠠ᠂ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ ᠪᠦᠷᠢᠳᠬᠡᠨ | ᠳᠠᠩᠰᠠᠯᠠᠭᠰᠠᠨ ᠬᠦᠰᠦᠨᠦᠭᠲᠦ ᠪᠠᠨ ᠬᠠᠷᠢᠭᠤ ᠲᠤᠰᠬᠠᠬᠤ ᠬᠡᠷᠡᠭᠲᠡᠢ᠃ | ᠮᠠᠲ᠋ᠧᠷᠢᠶᠠᠯ ᠨᠢ ᠪᠦᠷᠢᠨ ᠪᠤᠰᠤ᠂ ᠲᠠᠭᠯᠠᠭᠰᠠᠨ ᠮᠡᠳᠡᠭᠡ ᠵᠠᠩᠭᠢ ᠨᠢ ᠠᠯᠳᠠᠭ᠎ᠠ ᠲᠠᠢ ᠪᠣᠯ ᠪᠦᠷᠢᠳᠬᠡᠨ | ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠭᠤᠯᠬᠤ ᠠᠵᠤ ᠠᠬᠤᠶᠢᠯᠠᠯ ᠳᠤ ᠨᠥᠬᠦᠪᠦᠷᠢᠯᠡᠵᠦ ᠵᠠᠯᠠᠷᠠᠭᠤᠯᠬᠤ | ᠪᠥᠬᠦ ᠠᠭᠤᠯᠭ᠎ᠠ ᠶᠢ ᠨᠢᠭᠡ ᠯᠡ ᠤᠳᠠᠭᠠᠨ ᠳᠤ ᠮᠡᠳᠡᠭᠳᠡᠬᠦ ᠬᠡᠷᠡᠭᠲᠡᠢ᠃ | | | ᠠᠷᠪᠠᠨ ᠵᠢᠷᠭᠤᠳᠤᠭᠠᠷ ᠵᠦᠢᠯ ᠪᠦᠷᠢᠳᠬᠡᠨ ᠳᠠᠩᠰᠠᠯᠠᠬᠤ ᠪᠠᠶᠢᠭᠤᠯᠭ᠎ᠠ ᠨᠢ ᠪᠦᠷᠢᠳᠬᠡᠨ ᠳᠠᠩᠰᠠᠯᠠᠬᠤ | ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠪᠠᠨ ᠴᠠᠭ ᠲᠤᠬᠠᠢ ᠳᠤ ᠨᠢ ᠪᠦᠷᠢᠳᠬᠡᠨ ᠳᠠᠩᠰᠠᠯᠠᠭᠰᠠᠨ ᠨᠣᠮᠧᠷ ᠢ ᠪᠣᠢ | ᠪᠣᠯᠭᠠᠵᠤ᠂ ᠪᠦᠷᠢᠳᠬᠡᠨ ᠳᠠᠩᠰᠠᠯᠠᠭᠤᠯᠤᠭᠰᠠᠨ ᠠᠭᠤᠯᠭ᠎ᠠ ᠳᠤ ᠨᠢ ᠬᠤᠪᠢᠷᠠᠯᠲᠠ ᠭᠠᠷᠤᠭᠰᠠᠨ ᠤ ᠤᠤᠯ ᠤᠨ ᠪᠦᠷᠢᠳᠬᠡᠨ | ᠳᠠᠩᠰᠠᠯᠠᠭᠰᠠᠨ ᠨᠣᠮᠧᠷ ᠢ ᠨᠢ ᠬᠤᠪᠢᠷᠠᠭᠤᠯᠬᠤ ᠦᠭᠡᠢ᠃ | | | ᠠᠷᠪᠠᠨ ᠳᠣᠯᠣᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠦᠷᠢᠳᠬᠡᠨ | ᠳᠠᠩᠰᠠᠯᠠᠭᠤᠯᠤᠭᠰᠠᠨ ᠪᠥᠬᠦ ᠮᠠᠲ᠋ᠧᠷᠢᠶᠠᠯ ᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ | ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠦᠯᠡᠳᠡᠭᠡᠨ ᠬᠠᠳᠠᠭᠠᠯᠠᠵᠤ | ᠪᠠᠶᠢᠴᠠᠭᠠᠬᠤ ᠳᠤ ᠪᠡᠯᠡᠳᠬᠡᠨ᠎ᠡ᠃ | | | ᠭᠤᠷᠪᠠᠳᠤᠭᠠᠷ ᠪᠦᠯᠦᠭ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭᠠᠨ ᠤ ᠵᠢᠷᠤᠮᠵᠢᠯ | | | ᠠᠷᠪᠠᠨ ᠨᠠᠢᠮᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠲᠡᠭᠦᠨ ᠤ ᠬᠤᠳᠠᠯᠳᠤᠨ ᠠᠪᠬᠤ ᠠᠮᠤ | ᠪᠤᠳᠠᠭᠠᠨ ᠤ ᠲᠥᠷᠥᠯ ᠵᠦᠢᠯ᠂ ᠲᠤᠭ᠎ᠠ ᠬᠡᠮᠵᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ ᠨᠥᠭᠡᠴᠡᠯᠡᠬᠦ ᠪᠡᠯᠡᠳᠬᠡᠮᠵᠢ᠂ | ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠪᠡᠯᠡ ᠮᠥᠩᠭᠦ ᠴᠤᠭᠯᠠᠭᠤᠯᠬᠤ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ | ᠬᠡᠷᠡᠭᠲᠡᠢ᠃ | | | ᠠᠷᠪᠠ ᠶᠢᠰᠦᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠬᠡᠷᠡᠭᠯᠡᠵᠦ ᠪᠠᠶᠢᠭ᠎ᠠ ᠨᠥᠭᠡᠴᠡᠯᠡᠬᠦ | ᠪᠡᠯᠡᠳᠬᠡᠮᠵᠢ ᠨᠢ ᠠᠮᠤ ᠪᠤᠳᠠᠭ᠎ᠠ ᠨᠥᠭᠡᠴᠡᠯᠡᠬᠦ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠵᠢᠴᠢ | ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠵᠤ᠂ ᠨᠥᠭᠡᠴᠡᠯᠡᠬᠦ ᠲᠥᠷᠥᠯ ᠵᠦᠢᠯ᠂ ᠬᠡᠪᠴᠢᠶ᠎ᠡ᠂ ᠦᠶᠡᠯᠡᠯ ᠵᠡᠷᠭᠡ ᠯᠦᠭᠡ ᠬᠠᠷᠢᠯᠴᠠᠨ ᠵᠣᠬᠢᠴᠠᠯᠳᠤᠭᠰᠠᠨ | ᠨᠥᠭᠡᠴᠡᠯᠡᠬᠦ ᠨᠥᠬᠦᠴᠡᠯ ᠲᠠᠢ ᠪᠠᠶᠢᠵᠤ᠂ ᠠᠮᠤ ᠪᠤᠳᠠᠭᠠᠨ ᠤ ᠨᠥᠭᠡᠴᠡᠯᠡᠵᠦ ᠬᠠᠳᠠᠭᠠᠯᠠᠬᠤ ᠶᠢᠨ ᠬᠤᠷᠣᠭᠳᠠᠯ ᠢ | ᠪᠠᠭᠠᠰᠬᠠᠬᠤ ᠬᠡᠷᠡᠭᠲᠡᠢ᠃ | ᠠᠮᠤ ᠪᠤᠳᠠᠭ᠎ᠠ ᠶᠢ ᠠᠮᠤ ᠪᠤᠳᠠᠭᠠᠨ ᠳᠤ ᠪᠣᠬᠢᠷᠲᠤᠯ ᠡᠭᠦᠰᠬᠡᠬᠦ ᠪᠣᠯᠣᠮᠵᠢ ᠲᠠᠢ ᠬᠤᠣᠷ ᠬᠥᠨᠥᠭᠡᠯᠳᠦ ᠪᠣᠳᠠᠰ ᠲᠠᠢ | ᠬᠤᠯᠢᠯᠳᠤᠭᠤᠯᠤᠨ ᠨᠥᠭᠡᠴᠡᠯᠡᠵᠦ ᠪᠣᠯᠬᠤ ᠦᠭᠡᠢ᠂ ᠠᠮᠤ ᠪᠤᠳᠠᠭ᠎ᠠ ᠨᠥᠭᠡᠴᠡᠯᠡᠵᠦ ᠬᠠᠳᠠᠭᠠᠯᠠᠬᠤ ᠳᠤ ᠤᠯᠤᠰ ᠠᠴᠠ | ᠬᠡᠷᠡᠭᠯᠡᠬᠦ ᠶᠢ ᠴᠠᠭᠠᠵᠠᠯᠠᠬᠤ ᠬᠢᠮᠢ ᠶᠢᠨ ᠡᠮ ᠨᠠᠶᠢᠷᠠᠯᠭ᠎ᠠ ᠶᠢ ᠬᠡᠷᠡᠭᠯᠡᠬᠦ ᠪᠤᠶᠤ ᠬᠢᠮᠢ ᠶᠢᠨ ᠡᠮ ᠨᠠᠶᠢᠷᠠᠯᠭ᠎ᠠ ᠶᠢ | ᠬᠡᠮᠵᠢᠶᠡᠨ ᠠᠴᠠ ᠨᠢ ᠳᠠᠪᠠᠭᠤᠯᠤᠨ ᠬᠡᠷᠡᠭᠯᠡᠵᠦ ᠪᠣᠯᠬᠤ ᠦᠭᠡᠢ᠃ | | | ᠬᠤᠷᠢᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠨᠢ ᠤᠯᠤᠰ ᠤᠨ ᠠᠮᠤ ᠪᠤᠳᠠᠭ᠎ᠠ ᠬᠤᠳᠠᠯᠳᠤᠨ | ᠠᠪᠬᠤ ᠲᠥᠷᠥ ᠶᠢᠨ ᠪᠣᠳᠣᠯᠭ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠵᠢᠴᠢ ᠢᠳᠡᠭᠡᠨ ᠤ ᠠᠮᠤᠷ | ᠲᠦᠪᠰᠢᠨ ᠤ ᠪᠠᠷᠢᠮᠵᠢᠶ᠎ᠠ ᠶᠣᠰᠣᠭᠠᠷ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠬᠦ ᠬᠡᠷᠡᠭᠲᠡᠢ᠃ | ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠤᠨ ᠬᠤᠭᠤᠴᠠᠭᠠᠨ ᠳᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠣᠭᠲᠠᠭᠠᠯ ᠢ | ᠬᠡᠷᠡᠭᠵᠢᠭᠦᠯᠬᠦ ᠬᠡᠷᠡᠭᠲᠡᠢ᠃ | | | ᠬᠤᠷᠢᠨ ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ | ᠠᠪᠬᠤ ᠳᠤ ᠪᠠᠨ ᠠᠮᠤ ᠪᠤᠳᠠᠭ᠎ᠠ ᠬᠤᠳᠠᠯᠳᠤᠭᠴᠢ ᠳᠤ ᠮᠡᠳᠡᠭᠳᠡᠬᠦ ᠪᠤᠶᠤ ᠬᠤᠳᠠᠯᠳᠤᠨ ᠠᠪᠬᠤ ᠭᠠᠵᠠᠷ ᠲᠤ | ᠬᠤᠳᠠᠯᠳᠤᠨ ᠠᠪᠬᠤ ᠠᠮᠤ ᠪᠤᠳᠠᠭᠠᠨ ᠤ ᠲᠥᠷᠥᠯ ᠵᠦᠢᠯ᠂ ᠶᠠᠰᠤ ᠴᠢᠨᠠᠷ ᠤᠨ ᠪᠠᠷᠢᠮᠵᠢᠶ᠎ᠠ ᠪᠠ ᠬᠤᠳᠠᠯᠳᠤᠨ ᠠᠪᠬᠤ | ᠦᠨ᠎ᠡ ᠬᠠᠩᠰᠢ ᠶᠢ ᠵᠠᠷᠯᠠᠨ ᠨᠡᠶᠢᠲᠡᠯᠡᠬᠦ ᠬᠡᠷᠡᠭᠲᠡᠢ᠃ | ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ ᠠᠪᠬᠤ ᠳᠤ ᠪᠠᠨ ᠤᠯᠤᠰ ᠤᠨ ᠠᠮᠤ | ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠴᠢᠨᠠᠷ ᠢᠶᠠᠷ ᠦᠨ᠎ᠡ ᠬᠠᠶᠠᠯᠴᠠᠨ᠂ ᠲᠠᠷᠢᠶᠠᠴᠢᠨ ᠪᠠ | ᠪᠤᠰᠤᠳ ᠠᠮᠤ ᠪᠤᠳᠠᠭᠠᠨ ᠤ ᠦᠢᠯᠡᠳᠪᠦᠷᠢᠯᠡᠭᠴᠢ ᠶᠢᠨ ᠠᠰᠢᠭ ᠲᠤᠰᠠ ᠶᠢ ᠬᠤᠬᠢᠷᠠᠭᠤᠯᠵᠤ ᠪᠣᠯᠬᠤ ᠦᠭᠡᠢ︔ ᠠᠮᠤ | ᠪᠤᠳᠠᠭ᠎ᠠ ᠬᠤᠳᠠᠯᠳᠤᠭᠴᠢ ᠳᠤ ᠴᠠᠭ ᠲᠤᠬᠠᠢ ᠳᠤ ᠨᠢ ᠠᠮᠤ ᠬᠤᠳᠠᠯᠳᠤᠭᠰᠠᠨ ᠵᠣᠭᠤᠰ ᠢ ᠨᠢ ᠥᠭᠴᠦ᠂ ᠥᠷᠢᠲᠦᠵᠦ | ᠪᠣᠯᠬᠤ ᠦᠭᠡᠢ︔ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠨᠡᠶᠢᠳᠠᠯᠭ᠎ᠠ ᠶᠢ ᠬᠦᠯᠢᠶᠡᠵᠦ ᠶᠠᠮᠠᠷᠪᠠ | ᠭᠠᠶᠢᠯᠢ᠂ ᠵᠠᠷᠤᠳᠠᠯ ᠪᠠ ᠪᠤᠰᠤᠳ ᠵᠣᠭᠤᠰᠤᠨ ᠤ ᠲᠥᠷᠥᠯ ᠢ ᠣᠷᠣᠯᠠᠨ ᠰᠠᠭᠤᠯᠭᠠᠵᠤ ᠣᠷᠣᠯᠠᠨ ᠲᠤᠰᠢᠶᠠᠵᠤ ᠪᠣᠯᠬᠤ | ᠦᠭᠡᠢ︔ ᠮᠡᠬᠡᠯᠡᠨ ᠬᠢᠬᠠᠬᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠪᠤᠰᠤ ᠠᠷᠭ᠎ᠠ | ᠪᠠᠷᠢᠯ ᠢᠶᠠᠷ ᠠᠮᠤ ᠪᠤᠳᠠᠭᠠᠨ ᠤ ᠦᠨ᠎ᠡ ᠬᠠᠩᠰᠢ ᠶᠢ ᠡᠵᠡᠮᠳᠡᠵᠦ ᠪᠣᠯᠬᠤ ᠦᠭᠡᠢ᠃ | | | ᠬᠤᠷᠢᠨ ᠬᠤᠶᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠨᠢ ᠠᠮᠤ ᠪᠤᠳᠠᠭᠠᠨ ᠤ | ᠡᠵᠡᠩᠨᠡᠯᠲᠡ ᠶᠢᠨ ᠡᠬᠡ ᠳᠠᠩᠰᠠ ᠪᠠᠶᠢᠭᠤᠯᠬᠤ ᠶᠢᠨ ᠬᠠᠮᠲᠤ᠂ ᠬᠤᠳᠠᠯᠳᠤᠨ ᠠᠪᠬᠤ ᠭᠠᠵᠠᠷ ᠤᠨ ᠢᠶᠠᠨ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠴᠤ ᠣᠷᠣᠭᠤᠯᠤᠭᠰᠠᠨ᠂ | ᠪᠣᠷᠣᠯᠠᠭᠤᠯᠤᠭᠰᠠᠨ᠂ ᠬᠥᠮᠥᠷᠭᠡ ᠶᠢᠨ ᠬᠠᠳᠠᠭᠠᠯᠠᠮᠵᠢ ᠵᠡᠷᠭᠡ ᠦᠨᠳᠦᠰᠦᠨ ᠲᠤᠭ᠎ᠠ ᠪᠠᠷᠢᠮᠲᠠ ᠪᠠ ᠬᠤᠯᠪᠣᠭᠳᠠᠯ ᠪᠦᠬᠦᠢ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠠᠮᠤ ᠪᠤᠳᠠᠭᠠᠨ ᠤ ᠡᠵᠡᠩᠨᠡᠯᠲᠡ ᠶᠢᠨ ᠡᠬᠡ ᠳᠠᠩᠰᠠ ᠪᠠᠨ ᠬᠠᠳᠠᠭᠠᠯᠠᠬᠤ | ᠬᠤᠭᠤᠴᠠᠭ᠎ᠠ ᠬᠢᠵᠠᠭᠠᠷ ᠨᠢ 3 ᠵᠢᠯ ᠠᠴᠠ ᠳᠤᠲᠠᠭᠤ ᠪᠠᠶᠢᠵᠤ ᠪᠣᠯᠬᠤ ᠦᠭᠡᠢ᠃ | ᠨᠢᠭᠤᠴᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠳᠠᠮᠵᠢᠭᠤᠯᠬᠤ᠂ ᠰᠢᠢᠳᠪᠦᠷᠢᠯᠡᠬᠦ᠂ ᠬᠠᠳᠠᠭᠠᠯᠠᠬᠤ ᠵᠡᠷᠭᠡ ᠳᠤ | ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠳᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ︔ | ᠬᠤᠳᠠᠯᠳᠤᠭᠠᠨ ᠤ ᠨᠢᠭᠤᠴᠠ ᠳᠤ ᠬᠤᠯᠪᠣᠭᠳᠠᠭᠰᠠᠨ ᠮᠠᠲ᠋ᠧᠷᠢᠶᠠᠯ ᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ | ᠬᠡᠷᠡᠭᠲᠡᠢ᠃ | | | ᠬᠤᠷᠢᠨ ᠭᠤᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠳᠠᠯᠳᠤᠨ ᠠᠪᠬᠤ | ᠭᠠᠵᠠᠷ ᠤᠨ ᠢᠶᠠᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ | ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠤᠭᠰᠠᠨ | ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃ | | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠯᠤᠰᠯᠠᠨ ᠠᠮᠤ ᠪᠤᠳᠠᠭ᠎ᠠ ᠬᠤᠳᠠᠯᠳᠤᠨ | ᠠᠪᠬᠤ ᠳᠤ᠂ ᠬᠤᠳᠠᠯᠳᠤᠨ ᠠᠪᠬᠤ ᠭᠠᠵᠠᠷ ᠪᠠ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠪᠠᠶᠢᠭ᠎ᠠ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ | ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃ | ᠠᠮᠤ ᠪᠤᠳᠠᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢ | ᠮᠡᠳᠡᠭᠦᠯᠬᠦ ᠳᠤ ︽ᠤᠯᠤᠰ ᠤᠨ ᠠᠮᠤ ᠪᠤᠳᠠᠭᠠᠨ ᠤ ᠭᠦᠢᠯᠭᠡᠭᠡᠨ ᠢ ᠪᠦᠷᠢᠳᠬᠡᠨ ᠪᠠᠶᠢᠴᠠᠭᠠᠬᠤ ᠲᠦᠷᠢᠮ ᠤᠨ ᠬᠤᠯᠪᠣᠭᠳᠠᠯ | ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ | | | ᠬᠤᠷᠢᠨ ᠳᠥᠷᠪᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ | ᠬᠤᠳᠠᠯᠳᠤᠨ ᠠᠪᠬᠤ ᠳᠤ ᠪᠠᠨ ᠬᠤᠳᠠᠯᠳᠤᠨ ᠠᠪᠤᠭᠰᠠᠨ ᠪᠠᠷᠢᠮᠲᠠ ᠭᠠᠷᠭᠠᠵᠤ᠂ ᠡᠵᠡᠩᠨᠡᠯᠲᠡ ᠶᠢᠨ ᠡᠬᠡ ᠳᠠᠩᠰᠠ | ᠪᠠᠶᠢᠭᠤᠯᠬᠤ ᠶᠢᠨ ᠬᠠᠮᠲᠤ᠂ ᠴᠠᠭ ᠲᠤᠬᠠᠢ ᠳᠤ ᠨᠢ ᠲᠡᠮᠳᠡᠭᠯᠡᠬᠦ ᠬᠡᠷᠡᠭᠲᠡᠢ᠃ | | | ᠬᠤᠷᠢᠨ ᠲᠠᠪᠤᠳᠤᠭᠠᠷ ᠵᠦᠢᠯ ᠤᠯᠤᠰ ᠤᠨ ᠥᠮᠴᠢᠯᠡᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠤ | ᠠᠬᠤᠶᠢᠯᠠᠯ ᠨᠢ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ | ᠬᠡᠷᠡᠭᠵᠢᠭᠦᠯᠵᠦ᠂ ᠢᠳᠡᠪᠬᠢᠲᠡᠢ ᠪᠠᠷ ᠵᠠᠬ᠎ᠠ ᠳᠡᠯᠭᠡᠭᠦᠷ ᠲᠤ ᠣᠷᠣᠯᠴᠠᠨ ᠠᠮᠤ ᠪᠤᠳᠠᠭ᠎ᠠ ᠬᠤᠳᠠᠯᠳᠤᠨ ᠠᠪᠬᠤ ᠶᠢᠨ | ᠬᠠᠮᠲᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ ᠶᠢ ᠳᠠᠭᠠᠬᠤ ᠪᠠ | ᠲᠡᠭᠦᠨ ᠳᠤ ᠦᠢᠯᠡᠴᠢᠯᠡᠬᠦ ᠬᠡᠷᠡᠭᠲᠡᠢ᠃ | | | ᠬᠤᠷᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠨᠥᠭᠡᠴᠡᠯᠡᠬᠦ ᠪᠠᠷ ᠬᠤᠳᠠᠯᠳᠤᠨ ᠠᠪᠬᠤ ᠳᠤ | ︽ᠵᠠᠰᠠᠭ ᠤᠨ ᠣᠷᠳᠣᠨ ᠤ ᠨᠥᠭᠡᠴᠡᠯᠡᠬᠦ ᠠᠮᠤ ᠪᠤᠳᠠᠭ᠎ᠠ ᠶᠢᠨ ᠬᠥᠮᠥᠷᠭᠡᠯᠡᠬᠦ ᠬᠠᠮᠢᠶᠠᠷᠤᠯᠲᠠ ᠶᠢᠨ ᠠᠷᠭ᠎ᠠ︾ ︽ᠵᠠᠰᠠᠭ ᠤᠨ | ᠣᠷᠳᠣᠨ ᠤ ᠨᠥᠭᠡᠴᠡᠯᠡᠬᠦ ᠠᠮᠤ ᠪᠤᠳᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ | ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ᠃ | | | ᠳᠥᠷᠪᠡᠳᠦᠭᠡᠷ ᠪᠦᠯᠦᠭ ᠠᠮᠤ ᠪᠤᠳᠠᠭ᠎ᠠ ᠬᠤᠳᠠᠯᠳᠤᠨ ᠠᠪᠬᠤ ᠶᠠᠰᠤ ᠴᠢᠨᠠᠷ ᠤᠨ ᠬᠠᠮᠢᠶᠠᠷᠤᠯᠲᠠ | | | ᠬᠤᠷᠢᠨ ᠳᠣᠯᠣᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠤᠭᠴᠢ ᠠᠮᠤ ᠪᠤᠳᠠᠭ᠎ᠠ ᠬᠤᠳᠠᠯᠳᠤᠨ | ᠠᠪᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠠᠰᠤ ᠴᠢᠨᠠᠷ ᠤᠨ ᠠᠮᠤᠷ ᠲᠦᠪᠰᠢᠨ ᠤ | ᠰᠢᠯᠭᠠᠨ ᠪᠠᠶᠢᠴᠠᠭᠠᠯᠲᠠ ᠬᠢᠵᠦ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠠᠮᠤ ᠪᠤᠳᠠᠭ᠎ᠠ ᠶᠢ ᠢᠳᠡᠭᠡᠨ ᠤ ᠪᠤᠰᠤ | ᠬᠡᠷᠡᠭᠴᠡᠭᠡ ᠪᠠᠷ ᠲᠤᠰᠬᠠᠢ ᠨᠥᠭᠡᠴᠡᠯᠡᠬᠦ ᠶᠢᠨ ᠬᠠᠮᠲᠤ ᠰᠢᠢᠳᠪᠦᠷᠢᠯᠡᠵᠦ᠂ ᠬᠦᠨᠡᠰᠦᠨ ᠠᠮᠤ ᠶᠢᠨ ᠵᠠᠬ᠎ᠠ ᠳᠡᠯᠭᠡᠭᠦᠷ ᠪᠠ | ᠢᠳᠡᠭᠡᠨ ᠢ ᠡᠳ᠋ᠰᠢᠭᠦᠯᠬᠦ ᠵᠠᠮ ᠮᠥᠷ ᠲᠤ ᠣᠷᠣᠭᠤᠯᠵᠤ ᠪᠣᠯᠬᠤ ᠦᠭᠡᠢ᠃ | | | ᠬᠤᠷᠢᠨ ᠨᠠᠢᠮᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ | ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠦᠷᠢᠳᠦᠭᠦᠯᠬᠦ ᠬᠡᠷᠡᠭᠲᠡᠢ᠃ ᠬᠤᠳᠠᠯᠳᠤᠨ ᠠᠪᠤᠭᠰᠠᠨ | ᠠᠮᠤ ᠪᠤᠳᠠᠭᠠᠨ ᠤ ᠶᠠᠰᠤ ᠴᠢᠨᠠᠷ ᠲᠤ ᠰᠢᠯᠭᠠᠨ ᠪᠠᠶᠢᠴᠠᠭᠠᠯᠲᠠ ᠬᠢᠵᠦ᠂ ᠶᠡᠷᠦ ᠳᠤ ᠪᠠᠨ ᠳᠡᠰ᠂ ᠴᠢᠭᠢᠭ᠂ ᠬᠤᠯᠢᠴᠠ᠂ | ᠲᠡᠭᠦᠯᠳᠡᠷ ᠪᠤᠰᠤ ᠮᠥᠬᠦᠯᠢᠭ᠂ ᠡᠵᠡᠯᠡᠬᠦᠨ ᠤ ᠬᠦᠨᠳᠦ᠂ ᠪᠦᠳᠦᠭᠦᠯᠢᠭ ᠠᠮᠤ ᠭᠠᠷᠬᠤ ᠨᠣᠷᠮ᠎ᠠ᠂ ᠬᠦᠨᠳᠦ ᠲᠡᠮᠦᠷᠯᠢᠭ᠂ | ᠵᠢᠩᠬᠢᠨᠢ ᠮᠥᠬᠦ ᠶᠢᠨ ᠬᠤᠣᠷ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠪᠠᠭᠲᠠᠬᠤ ︵ᠬᠢᠵᠠᠭᠠᠷᠯᠠᠭᠳᠠᠬᠤ | ᠦᠭᠡᠢ︶ ᠬᠡᠷᠡᠭᠲᠡᠢ᠃ | | | ᠬᠤᠷᠢ ᠶᠢᠰᠦᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠬᠡᠷᠡᠭᠴᠡᠭᠡ ᠪᠠᠨ | ᠦᠨᠳᠦᠰᠦᠯᠡᠨ ᠱᠠᠭᠠᠷᠳᠠᠯᠭ᠎ᠠ ᠳᠤ ᠨᠡᠶᠢᠴᠡᠬᠦ ᠠᠮᠤ ᠪᠤᠳᠠᠭ᠎ᠠ ᠬᠤᠳᠠᠯᠳᠤᠵᠤ ᠠᠪᠬᠤ ᠶᠢᠨ ᠬᠠᠮᠲᠤ ᠬᠥᠮᠥᠷᠭᠡ ᠬᠤᠪᠢᠶᠠᠨ | ᠨᠥᠭᠡᠴᠡᠯᠡᠬᠦ ᠶᠢ ᠵᠣᠷᠢᠭᠵᠢᠭᠤᠯᠵᠤ᠂ ᠨᠥᠬᠦᠴᠡᠯ ᠲᠠᠢ ᠪᠠᠶᠢᠭ᠎ᠠ ᠨᠢ ᠴᠢᠨᠠᠷ ᠤᠨ ᠵᠢᠭᠠᠯᠲᠠ ᠲᠣᠭᠠᠨ ᠤ ᠲᠦᠷᠭᠡᠨ ᠰᠢᠯᠭᠠᠨ | ᠪᠠᠶᠢᠴᠠᠭᠠᠯᠲᠠ ᠬᠢᠵᠦ᠂ ᠣᠨᠣᠴᠠᠲᠠᠢ ᠪᠠᠷ ᠬᠠᠮᠢᠶᠠᠷᠤᠨ᠂ ᠰᠢᠯᠢᠳᠡᠭ ᠠᠮᠤ ᠶᠢ ᠰᠢᠯᠢᠳᠡᠭᠴᠢᠯᠡᠨ ᠨᠥᠭᠡᠴᠡᠯᠡᠬᠦ ᠶᠢ | ᠪᠡᠶᠡᠯᠡᠭᠦᠯᠦᠨ᠎ᠡ᠃ | | | ᠭᠤᠴᠢᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠢ | ᠡᠵᠡᠮᠰᠢᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠨ ᠳᠤ ᠪᠠᠨ ᠬᠠᠮᠢᠶ᠎ᠠ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠤᠷ᠎ᠠ ᠴᠢᠳᠠᠪᠤᠷᠢ ᠶᠢᠨ ᠪᠣᠯᠪᠠᠰᠤᠷᠠᠯ | ᠬᠦᠷᠲᠡᠭᠡᠬᠦ ᠬᠡᠷᠡᠭᠲᠡᠢ᠃ | | | ᠭᠤᠴᠢᠨ ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭᠠᠨ ᠤ | ᠶᠠᠰᠤ ᠴᠢᠨᠠᠷ ᠤᠨ ᠠᠮᠤᠷ ᠲᠦᠪᠰᠢᠨ ᠤ ᠡᠬᠡ ᠳᠠᠩᠰᠠ ᠪᠠᠶᠢᠭᠤᠯᠵᠤ᠂ ᠠᠮᠤ ᠪᠤᠳᠠᠭᠠᠨ ᠤ ᠲᠥᠷᠥᠯ ᠵᠦᠢᠯ᠂ ᠪᠠᠷᠠᠭ᠎ᠠ | ᠬᠠᠩᠭᠠᠬᠤ ᠡᠲᠡᠭᠡᠳ᠂ ᠠᠮᠤ ᠪᠤᠳᠠᠭᠠᠨ ᠤ ᠭᠠᠷᠤᠯᠲᠠ ᠶᠢᠨ ᠣᠷᠣᠨ᠂ ᠬᠤᠷᠢᠶᠠᠯᠲᠠ ᠣᠯᠣᠭᠰᠠᠨ ᠣᠨ ᠵᠢᠯ᠂ ᠬᠤᠳᠠᠯᠳᠤᠨ | ᠠᠪᠤᠭᠰᠠᠨ ᠪᠤᠶᠤ ᠬᠥᠮᠥᠷᠭᠡ ᠳᠤ ᠣᠷᠣᠭᠤᠯᠤᠭᠰᠠᠨ ᠴᠠᠭ ᠬᠤᠭᠤᠴᠠᠭ᠎ᠠ᠂ ᠪᠠᠷᠠᠭᠠᠨ ᠤ ᠪᠠᠶᠢᠷᠢᠯᠠᠯ ᠵᠢᠴᠢ ᠲᠤᠭ᠎ᠠ | ᠬᠡᠮᠵᠢᠶ᠎ᠡ᠂ ᠶᠠᠰᠤ ᠴᠢᠨᠠᠷ ᠤᠨ ᠳᠡᠰ᠂ ᠴᠢᠨᠠᠷ ᠤᠨ ᠪᠠᠶᠢᠳᠠᠯ᠂ ᠪᠣᠷᠣᠯᠠᠭᠤᠯᠤᠭᠰᠠᠨ ᠵᠦᠭ ᠴᠢᠭᠯᠡᠯ᠂ ᠬᠥᠮᠥᠷᠭᠡ ᠠᠴᠠ | ᠭᠠᠷᠤᠭᠰᠠᠨ ᠴᠠᠭ ᠬᠤᠭᠤᠴᠠᠭ᠎ᠠ ᠵᠢᠴᠢ ᠬᠤᠯᠪᠣᠭᠳᠠᠯ ᠪᠦᠬᠦᠢ ᠪᠤᠰᠤᠳ ᠠᠭᠤᠯᠭ᠎ᠠ ᠶᠢ ᠦᠨᠡᠨ ᠪᠣᠳᠠᠲᠠᠢ ᠪᠠᠷ | ᠲᠡᠮᠳᠡᠭᠯᠡᠬᠦ ᠬᠡᠷᠡᠭᠲᠡᠢ᠃ | ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠡᠬᠡ ᠳᠠᠩᠰᠠ ᠶᠢᠨ ᠬᠠᠳᠠᠭᠠᠯᠠᠬᠤ ᠬᠤᠭᠤᠴᠠᠭ᠎ᠠ ᠶᠢ | ᠠᠮᠤ ᠪᠤᠳᠠᠭ᠎ᠠ ᠶᠢ ᠪᠣᠷᠣᠯᠠᠭᠤᠯᠬᠤ ᠪᠠᠷ ᠬᠥᠮᠥᠷᠭᠡ ᠠᠴᠠ ᠭᠠᠷᠭᠠᠭᠰᠠᠨ ᠡᠳᠦᠷ ᠠᠴᠠ ᠡᠬᠢᠯᠡᠨ ᠪᠣᠳᠣᠵᠤ᠂ 5 ᠵᠢᠯ ᠠᠴᠠ | ᠳᠤᠲᠠᠭᠤ ᠪᠠᠶᠢᠯᠭᠠᠵᠤ ᠪᠣᠯᠬᠤ ᠦᠭᠡᠢ᠃ | | | ᠲᠠᠪᠤᠳᠤᠭᠠᠷ ᠪᠦᠯᠦᠭ ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ | | | ᠭᠤᠴᠢᠨ ᠬᠤᠶᠠᠳᠤᠭᠠᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ | ᠠᠪᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ | ᠲᠠᠷᠢᠶᠠᠯᠠᠩ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠨ᠎ᠠ︔ ᠦᠢᠯᠡᠳᠪᠦᠷᠢᠯᠡᠭᠰᠡᠨ ᠤ ᠳᠠᠷᠠᠭᠠᠬᠢ | ᠦᠢᠯᠡᠴᠢᠯᠡᠭᠡ ᠪᠠᠨ ᠴᠢᠩᠭᠠᠳᠬᠠᠵᠤ᠂ ᠣᠷᠣᠯᠠᠨ ᠴᠡᠪᠡᠷᠯᠡᠬᠦ᠂ ᠣᠷᠣᠯᠠᠨ ᠬᠠᠭᠤᠷᠠᠶᠢᠰᠢᠭᠤᠯᠬᠤ᠂ ᠣᠷᠣᠯᠠᠨ ᠬᠠᠳᠠᠭᠠᠯᠠᠬᠤ᠂ | ᠣᠷᠣᠯᠠᠨ ᠡᠳ᠋ᠰᠢᠭᠦᠯᠬᠦ᠂ ᠣᠷᠣᠯᠠᠨ ᠪᠣᠷᠣᠯᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠠᠮᠤ | ᠪᠤᠳᠠᠭᠠᠨ ᠤ ᠬᠤᠬᠢᠷᠠᠯ ᠰᠦᠢᠳᠬᠡᠯ ᠢ ᠪᠠᠭᠤᠷᠠᠭᠤᠯᠤᠨ᠎ᠠ᠃ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠳᠤ ᠠᠮᠤ | ᠨᠥᠭᠡᠴᠡᠯᠡᠬᠦ ᠮᠡᠷᠭᠡᠵᠢᠯ ᠤᠨ ᠵᠢᠭᠠᠨ ᠵᠢᠯᠣᠭᠤᠳᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠠᠮᠤ ᠨᠥᠭᠡᠴᠡᠯᠡᠬᠦ | ᠰᠠᠪᠠᠯᠠᠬᠤ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠲᠠᠭᠠᠷᠠᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨᠴᠢ ᠪᠠᠷ | ᠠᠮᠤ ᠨᠥᠭᠡᠴᠡᠯᠡᠬᠦ ᠮᠡᠷᠭᠡᠵᠢᠯ ᠤᠨ ᠪᠣᠯᠪᠠᠰᠤᠷᠠᠯ ᠪᠠ ᠦᠢᠯᠡᠴᠢᠯᠡᠭᠡ ᠬᠠᠩᠭᠠᠬᠤ ᠬᠡᠷᠡᠭᠲᠡᠢ᠃ | | | ᠭᠤᠴᠢᠨ ᠭᠤᠷᠪᠠᠳᠤᠭᠠᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠠᠮᠤ ᠪᠤᠳᠠᠭᠠᠨ ᠤ ᠦᠨ᠎ᠡ ᠬᠠᠩᠰᠢ᠂ ᠬᠤᠳᠠᠯᠳᠤᠨ ᠠᠪᠬᠤ ᠠᠬᠢᠴᠠ | ᠵᠡᠷᠭᠡ ᠮᠡᠳᠡᠭᠡ ᠵᠠᠩᠭᠢ ᠶᠢ ᠨᠡᠶᠢᠲᠡᠯᠡᠵᠦ᠂ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠣᠯᠠᠨ | ᠵᠦᠢᠯ ᠤᠨ ᠬᠡᠯᠪᠡᠷᠢ ᠪᠠᠷ ᠤᠬᠠᠭᠤᠯᠤᠨ ᠲᠠᠶᠢᠯᠤᠮᠵᠢ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠵᠦᠢᠯᠡᠰ ᠢ | ᠢᠳᠡᠪᠬᠢᠲᠡᠢ ᠪᠠᠷ ᠬᠠᠷᠢᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠬᠥᠲᠥᠯᠥᠨ ᠵᠢᠯᠤᠭᠤᠳᠴᠤ᠂ ᠠᠮᠤ ᠪᠤᠳᠠᠭᠠᠨ ᠤ | ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠮᠤ ᠪᠤᠳᠠᠭᠠᠨ ᠤ ᠵᠠᠬ᠎ᠠ | ᠳᠡᠯᠭᠡᠭᠦᠷ ᠤᠨ ᠲᠣᠭᠲᠠᠭᠤᠨ ᠠᠵᠢᠯᠯᠠᠭᠠᠨ ᠢ ᠠᠬᠢᠭᠤᠯᠬᠤ ᠬᠡᠷᠡᠭᠲᠡᠢ᠃ | | | ᠭᠤᠴᠢᠨ ᠳᠥᠷᠪᠡᠳᠦᠭᠡᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠪᠠᠨ | ᠴᠢᠩᠭᠠᠳᠬᠠᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠪᠠ ᠵᠠᠬ᠎ᠠ ᠳᠡᠯᠭᠡᠭᠦᠷ ᠤᠨ ᠬᠥᠳᠡᠯᠦᠩᠭᠦᠢ | ᠪᠠᠶᠢᠳᠠᠯ ᠢ ᠨᠢᠭᠲᠠ ᠠᠩᠬᠠᠷᠴᠤ᠂ ᠠᠮᠤ ᠪᠤᠳᠠᠭ᠎ᠠ ᠬᠤᠳᠠᠯᠳᠤᠨ ᠠᠪᠬᠤ ᠤᠯᠠᠷᠢᠯ ᠳᠤ ᠬᠤᠳᠠᠯᠳᠤᠨ ᠠᠪᠬᠤ ᠠᠬᠢᠴᠠ | ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠭᠤᠣᠯᠳᠠᠯᠭ᠎ᠠ ᠲᠠᠢ ᠪᠠᠷ ᠬᠢᠨᠠᠨ ᠬᠡᠮᠵᠢᠵᠦ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠲᠤᠭ᠎ᠠ ᠪᠦᠷᠢᠳᠬᠡᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠤᠨ | ᠬᠥᠭᠵᠢᠭᠦᠯᠦᠯᠲᠡ ᠶᠢᠨ ᠪᠠᠩᠬᠢ ᠵᠡᠷᠭᠡ ᠰᠠᠯᠠᠭ᠎ᠠ ᠮᠥᠴᠢᠷ᠂ ᠨᠢᠭᠡᠴᠢ ᠯᠦᠭᠡ ᠵᠥᠪᠳᠡᠯᠴᠡᠬᠦ ᠲᠣᠭᠲᠠᠴᠠ ᠪᠠᠶᠢᠭᠤᠯᠵᠤ᠂ | ᠠᠮᠤ ᠪᠤᠳᠠᠭ᠎ᠠ ᠬᠤᠳᠠᠯᠳᠤᠨ ᠠᠪᠬᠤ ᠲᠠᠯ᠎ᠠ ᠶᠢᠨ ᠪᠠᠶᠢᠳᠠᠯ ᠢ ᠴᠠᠭ ᠲᠤᠬᠠᠢ ᠳᠤ ᠨᠢ ᠵᠠᠳᠠᠯᠤᠨ ᠰᠢᠨᠵᠢᠯᠡᠵᠦ ᠰᠤᠳᠤᠯᠤᠨ | ᠮᠠᠭᠠᠳᠯᠠᠬᠤ ᠬᠡᠷᠡᠭᠲᠡᠢ᠃ ᠭᠡᠨᠡᠳᠲᠡ ᠡᠭᠦᠰᠬᠦ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠣᠨᠴᠠᠭᠠᠢ ᠴᠠᠭ | ᠠᠭᠤᠷ ᠵᠡᠷᠭᠡ ᠶᠢᠨ ᠨᠥᠯᠥᠭᠡᠯᠡᠯ ᠢ ᠨᠢᠭᠲᠠ ᠠᠩᠬᠠᠷᠴᠤ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠵᠦ᠂ ᠨᠠᠮᠤᠷ ᠤᠨ ᠠᠮᠤ | ᠲᠥᠪᠯᠡᠷᠡᠨ ᠵᠠᠬ᠎ᠠ ᠳᠡᠯᠭᠡᠭᠦᠷ ᠲᠤ ᠭᠠᠷᠬᠤ ᠬᠤᠭᠤᠴᠠᠭᠠᠨ ᠳᠤ ᠣᠷᠣᠨ ᠪᠦᠰᠡ ᠶᠢᠨ ᠴᠢᠨᠠᠷ ᠲᠠᠢ᠂ ᠱᠠᠲᠤᠴᠢ | ᠴᠢᠨᠠᠷ ᠲᠠᠢ ᠲᠠᠷᠢᠶᠠᠴᠢᠨ ᠤ ︽ᠠᠮᠤ ᠬᠤᠳᠠᠯᠳᠤᠬᠤ ᠳᠤ ᠪᠡᠷᠬᠡ︾ ᠠᠰᠠᠭᠤᠳᠠᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ | | | | ᠭᠤᠴᠢᠨ ᠲᠠᠪᠤᠳᠤᠭᠠᠷ ᠵᠦᠢᠯ ᠮᠡᠳᠡᠭᠡ ᠵᠠᠩᠭᠢᠴᠢᠯᠠᠭᠰᠠᠨ᠂ ᠣᠶᠤᠨᠴᠢᠯᠠᠭᠰᠠᠨ ᠮᠡᠷᠭᠡᠵᠢᠯ ᠢ ᠠᠰᠢᠭᠯᠠᠬᠤ ᠶᠢ | ᠵᠣᠷᠢᠭᠵᠢᠭᠤᠯᠵᠤ᠂ ︽ᠢᠨᠲ᠋ᠧᠷ ᠰᠦᠯᠵᠢᠶ᠎ᠡ +︾ ᠬᠤᠳᠠᠯᠳᠤᠨ ᠠᠪᠬᠤ᠂ ᠪᠣᠯᠵᠣᠨ ᠬᠤᠳᠠᠯᠳᠤᠨ ᠠᠪᠬᠤ᠂ ᠡᠭᠦᠳᠡᠨ ᠳᠤ | ᠨᠢ ᠬᠦᠷᠴᠦ ᠬᠤᠳᠠᠯᠳᠤᠨ ᠠᠪᠬᠤ ᠵᠡᠷᠭᠡ ᠲᠠᠷᠢᠶᠠᠴᠢᠨ ᠳᠤ ᠳᠥᠭᠦᠮ ᠦᠵᠡᠭᠦᠯᠬᠦ ᠠᠷᠭ᠎ᠠ ᠪᠠᠷᠢᠯ ᠤᠨ ᠬᠡᠷᠡᠭᠯᠡᠭᠡᠨ ᠢ | ᠳᠡᠯᠭᠡᠷᠡᠭᠦᠯᠵᠦ᠂ ᠠᠮᠤ ᠪᠤᠳᠠᠭ᠎ᠠ ᠨᠥᠭᠡᠴᠡᠯᠡᠨ ᠲᠡᠭᠡᠭᠡᠪᠦᠷᠢᠯᠡᠬᠦ ᠪᠠ ᠠᠮᠤ ᠠᠷᠪᠢᠯᠠᠨ ᠬᠤᠷᠣᠭᠳᠠᠯ ᠢ ᠪᠠᠭᠠᠰᠬᠠᠬᠤ | ᠲᠡᠷᠢᠭᠦᠨ ᠤ ᠮᠡᠷᠭᠡᠵᠢᠯ ᠢ ᠨᠡᠭᠡᠭᠡᠨ ᠠᠰᠢᠭᠯᠠᠬᠤ ᠪᠠ ᠳᠡᠯᠭᠡᠷᠡᠭᠦᠯᠬᠦ ᠶᠢ ᠳᠡᠮᠵᠢᠵᠦ᠂ ᠠᠮᠤ ᠪᠤᠳᠠᠭ᠎ᠠ ᠬᠤᠳᠠᠯᠳᠤᠨ | ᠠᠪᠤᠭᠴᠢ ᠶᠢᠨ ᠠᠮᠤ ᠶᠢ ᠬᠠᠶᠢᠷᠠᠯᠠᠨ ᠠᠮᠤ ᠶᠢ ᠠᠷᠪᠢᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠪᠠᠷ ᠬᠥᠲᠥᠯᠥᠨ | ᠵᠢᠯᠤᠭᠤᠳᠴᠤ᠂ ᠠᠮᠤ ᠪᠤᠳᠠᠭᠠᠨ ᠤ ᠬᠤᠷᠣᠭᠳᠠᠯ ᠢ ᠪᠠᠭᠤᠷᠠᠭᠤᠯᠬᠤ ᠬᠡᠷᠡᠭᠲᠡᠢ᠃ | | | ᠭᠤᠴᠢᠨ ᠵᠢᠷᠭᠤᠳᠤᠭᠠᠷ ᠵᠦᠢᠯ ᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ ᠤᠨ ᠰᠠᠯᠠᠭ᠎ᠠ ᠮᠥᠴᠢᠷ ᠨᠢ ᠠᠮᠤ | ᠪᠤᠳᠠᠭ᠎ᠠ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠬᠢᠭᠡᠳ ᠲᠡᠭᠡᠭᠡᠪᠦᠷᠢᠯᠡᠬᠦ ᠴᠢᠳᠠᠪᠤᠷᠢ ᠬᠠᠩᠭᠠᠬᠤ ᠶᠢ ᠵᠣᠯᠭᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠵᠠᠮ ᠤᠨ ᠲᠣᠣᠷ᠂ ᠲᠡᠮᠦᠷ ᠵᠠᠮ ᠤᠨ ᠲᠡᠭᠡᠭᠡᠪᠦᠷᠢᠯᠡᠬᠦ ᠴᠢᠳᠠᠪᠤᠷᠢ ᠶᠢᠨ ᠬᠢᠨᠠᠨ | ᠬᠡᠮᠵᠢᠬᠦ ᠪᠠ ᠮᠡᠳᠡᠭᠡ ᠵᠠᠩᠭᠢ ᠶᠢᠨ ᠦᠢᠯᠡᠴᠢᠯᠡᠭᠡ ᠪᠠᠨ ᠴᠢᠩᠭᠠᠳᠬᠠᠵᠤ᠂ ᠠᠮᠤ ᠪᠤᠳᠠᠭ᠎ᠠ ᠲᠥᠪᠯᠡᠷᠡᠨ ᠵᠠᠬ᠎ᠠ | ᠳᠡᠯᠭᠡᠭᠦᠷ ᠲᠤ ᠭᠠᠷᠬᠤ ᠠᠴᠠ ᠡᠮᠦᠨ᠎ᠡ ᠴᠢᠬᠤᠯᠠ ᠪᠦᠬᠦᠢ ᠲᠡᠭᠡᠭᠡᠪᠦᠷᠢᠯᠡᠬᠦ ᠪᠠᠲᠤᠯᠠᠭ᠎ᠠ ᠬᠠᠩᠭᠠᠬᠤ ᠬᠡᠷᠡᠭᠲᠡᠢ᠃ | ᠠᠮᠤ ᠪᠤᠳᠠᠭ᠎ᠠ ᠲᠡᠭᠡᠭᠡᠪᠦᠷᠢᠯᠡᠬᠦ ᠳᠤ ᠪᠠᠨ ᠤᠯᠤᠰ ᠤᠨ ᠠᠮᠤ ᠪᠤᠳᠠᠭ᠎ᠠ ᠲᠡᠭᠡᠭᠡᠪᠦᠷᠢᠯᠡᠬᠦ ᠮᠡᠷᠭᠡᠵᠢᠯ ᠤᠨ | ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠠᠮᠤ ᠪᠤᠳᠠᠭᠠᠨ ᠤ ᠲᠡᠭᠡᠭᠡᠪᠦᠷᠢ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠢ᠃ | ᠪᠣᠬᠢᠷᠲᠤᠭᠰᠠᠨ ᠲᠡᠭᠡᠭᠡᠪᠦᠷᠢ ᠶᠢᠨ ᠪᠠᠭᠠᠵᠢ ᠪᠤᠶᠤ ᠪᠣᠭᠤᠳᠠᠯᠯᠠᠬᠤ ᠮᠠᠲ᠋ᠧᠷᠢᠶᠠᠯ ᠢᠶᠠᠷ ᠠᠮᠤ ᠪᠤᠳᠠᠭ᠎ᠠ ᠲᠡᠭᠡᠭᠡᠪᠦᠷᠢᠯᠡᠵᠦ | ᠪᠣᠯᠬᠤ ᠦᠭᠡᠢ᠂ ᠬᠤᠣᠷ ᠬᠥᠨᠥᠭᠡᠯᠳᠦ ᠪᠣᠳᠠᠰ ᠲᠠᠢ ᠬᠤᠯᠢᠯᠳᠤᠭᠤᠯᠤᠨ ᠲᠡᠭᠡᠭᠡᠪᠦᠷᠢᠯᠡᠵᠦ ᠪᠣᠯᠬᠤ ᠦᠭᠡᠢ᠃ | | | ᠭᠤᠴᠢᠨ ᠳᠣᠯᠣᠳᠤᠭᠠᠷ ᠵᠦᠢᠯ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠠᠮᠤ ᠪᠤᠳᠠᠭ᠎ᠠ ᠬᠤᠳᠠᠯᠳᠤᠨ | ᠠᠪᠤᠭᠴᠢ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠴᠠᠭ ᠲᠤᠬᠠᠢ ᠳᠤ ᠨᠢ ᠬᠤᠳᠠᠯᠳᠤᠨ ᠠᠪᠬᠤ ᠵᠢᠭᠡᠯᠡᠯᠭᠡ ᠶᠢᠨ ᠮᠥᠩᠭᠦ ᠬᠠᠩᠭᠠᠬᠤ ᠬᠡᠷᠡᠭᠲᠡᠢ᠃ | ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠵᠢᠴᠢ ᠰᠠᠯᠪᠤᠷᠢ ᠪᠠᠶᠢᠭᠤᠯᠤᠮᠵᠢ ᠨᠢ ᠣᠷᠣᠨ ᠨᠤᠲᠤᠭ ᠤᠨ | ᠨᠥᠭᠡᠴᠡᠯᠡᠬᠦ ᠠᠮᠤ ᠬᠢᠭᠡᠳ ᠪᠤᠰᠤᠳ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭᠠᠨ ᠳᠠᠬᠢ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦᠨ ᠤ ᠬᠡᠷᠡᠭᠴᠡᠭᠡ ᠶᠢ ᠪᠠᠲᠤᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠲᠣᠮᠣ ᠬᠡᠯᠪᠡᠷᠢ ᠶᠢᠨ ᠠᠮᠤ ᠪᠤᠳᠠᠭᠠᠨ ᠤ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠪᠠ ᠪᠤᠰᠤᠳ ᠠᠮᠤ | ᠪᠤᠳᠠᠭᠠᠨ ᠤ ᠠᠵᠤ ᠠᠬᠤᠶᠢᠯᠠᠯ ᠳᠤ᠂ ᠠᠵᠤ ᠠᠬᠤᠶᠢᠯᠠᠯ ᠤᠨ ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠨᠢ | ᠦᠨᠳᠦᠰᠦᠯᠡᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦᠨ ᠤ ᠳᠡᠮᠵᠢᠯᠭᠡ ᠦᠵᠡᠭᠦᠯᠬᠦ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠥᠩᠭᠦ ᠳᠤ ᠲᠤᠰᠬᠠᠢ | ᠵᠣᠭᠤᠰ ᠢ ᠲᠤᠰᠬᠠᠢ ᠬᠡᠷᠡᠭᠯᠡᠵᠦ᠂ ᠪᠢᠲᠡᠭᠦᠮᠵᠢᠯᠡᠵᠦ ᠠᠵᠢᠯᠯᠠᠭᠤᠯᠬᠤ ᠬᠡᠷᠡᠭᠲᠡᠢ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠮᠤ ᠪᠤᠳᠠᠭ᠎ᠠ ᠬᠤᠳᠠᠯᠳᠤᠨ ᠠᠪᠬᠤ ᠳᠠᠬᠢ ᠢᠲᠡᠭᠡᠮᠵᠢᠲᠦ | ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠳᠬᠠᠬᠤ ᠶᠢ ᠨᠢ ᠵᠣᠷᠢᠭᠵᠢᠭᠤᠯᠵᠤ᠂ ᠠᠮᠤ ᠪᠤᠳᠠᠭᠠᠨ ᠤ ᠵᠠᠬ᠎ᠠ | ᠳᠡᠯᠭᠡᠭᠦᠷᠴᠢᠯᠡᠨ ᠬᠤᠳᠠᠯᠳᠤᠨ ᠠᠪᠬᠤ ᠪᠡᠯᠡ ᠣᠷᠣᠭᠤᠯᠬᠤ ᠵᠠᠮ ᠮᠥᠷ ᠢ ᠥᠷᠭᠡᠳᠬᠡᠵᠦ᠂ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠰᠢᠯᠢᠳᠡᠭᠵᠢᠭᠦᠯᠦᠨ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠠᠮᠤ ᠪᠤᠳᠠᠭ᠎ᠠ ᠬᠤᠳᠠᠯᠳᠤᠨ | ᠠᠪᠤᠭᠴᠢ ᠳᠤ ᠂ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠬᠤᠳᠠᠯᠳᠤᠨ ᠠᠪᠬᠤ ᠵᠢᠭᠡᠯᠡᠯᠭᠡ ᠬᠠᠩᠭᠠᠬᠤ ᠬᠡᠷᠡᠭᠲᠡᠢ᠃ | | | | ᠵᠢᠷᠭᠤᠳᠤᠭᠠᠷ ᠪᠦᠯᠦᠭ ᠠᠮᠤ ᠪᠤᠳᠠᠭ᠎ᠠ ᠬᠤᠳᠠᠯᠳᠤᠨ ᠠᠪᠬᠤ ᠳᠤ ᠬᠢᠨᠠᠯᠲᠠ ᠲᠠᠯᠪᠢᠵᠤ ᠪᠠᠶᠢᠴᠠᠭᠠᠬᠤ | | | ᠭᠤᠴᠢᠨ ᠨᠠᠢᠮᠠᠳᠤᠭᠠᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠪᠠ ᠲᠣᠰ ᠠᠷᠭ᠎ᠠ ᠶᠢᠨ | ᠲᠣᠭᠲᠠᠭᠠᠯ ᠶᠣᠰᠣᠭᠠᠷ᠂ ᠠᠮᠤ ᠪᠤᠳᠠᠭ᠎ᠠ ᠬᠤᠳᠠᠯᠳᠤᠨ ᠠᠪᠤᠭᠴᠢ ᠶᠢᠨ ᠠᠮᠤ ᠪᠤᠳᠠᠭ᠎ᠠ ᠬᠤᠳᠠᠯᠳᠤᠨ ᠠᠪᠬᠤ | ᠠᠵᠢᠯᠯᠠᠭ᠎ᠠ ᠡᠷᠬᠢᠯᠡᠬᠦ᠂ ᠮᠡᠳᠡᠭᠡ ᠵᠠᠩᠭᠢ ᠪᠦᠷᠢᠳᠬᠡᠨ ᠳᠠᠩᠰᠠᠯᠠᠬᠤ ᠵᠢᠴᠢ ︽ᠤᠯᠤᠰ ᠤᠨ ᠠᠮᠤ ᠪᠤᠳᠠᠭᠠᠨ ᠤ | ᠭᠦᠢᠯᠭᠡᠭᠡᠨ ᠤ ᠪᠦᠷᠢᠳᠬᠡᠨ ᠪᠠᠶᠢᠴᠠᠭᠠᠬᠤ ᠲᠦᠷᠢᠮ ᠢ ᠬᠡᠷᠡᠭᠵᠢᠭᠦᠯᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠨ᠎ᠠ᠃ | ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠯᠲᠠ | ᠲᠠᠯᠪᠢᠵᠤ ᠪᠠᠶᠢᠴᠠᠭᠠᠬᠤ ᠶᠠᠪᠤᠴᠠ ᠳᠤ ᠠᠮᠤ ᠪᠤᠳᠠᠭᠠᠨ ᠤ ᠡᠵᠡᠩᠨᠡᠯᠲᠡ ᠶᠢᠨ ᠲᠠᠯᠠᠪᠤᠷ ᠭᠠᠵᠠᠷ ᠲᠤ ᠭᠦᠨᠵᠡᠭᠡᠶᠢᠷᠡᠵᠦ᠂ | ᠬᠤᠯᠪᠣᠭᠳᠠᠯ ᠪᠦᠬᠦᠢ ᠮᠠᠲ᠋ᠧᠷᠢᠶᠠᠯ᠂ ᠭᠡᠷᠡᠴᠢ ᠪᠠᠷᠢᠮᠲᠠ ᠶᠢ ᠪᠠᠶᠢᠴᠠᠭᠠᠨ ᠦᠵᠡᠵᠦ ᠪᠣᠯᠣᠨ᠎ᠠ︔ ᠠᠮᠤ ᠪᠤᠳᠠᠭᠠᠨ ᠤ ᠲᠤᠭ᠎ᠠ | ᠬᠡᠮᠵᠢᠶ᠎ᠡ᠂ ᠶᠠᠰᠤ ᠴᠢᠨᠠᠷ ᠪᠠ ᠨᠥᠭᠡᠴᠡᠯᠡᠬᠦ ᠠᠮᠤᠷ ᠲᠦᠪᠰᠢᠨ ᠤ ᠪᠠᠶᠢᠳᠠᠯ ᠢ ᠪᠠᠶᠢᠴᠠᠭᠠᠨ᠎ᠠ︔ ᠠᠮᠤ ᠪᠤᠳᠠᠭᠠᠨ ᠤ | ᠨᠥᠭᠡᠴᠡᠯᠡᠬᠦ ᠪᠡᠯᠡᠳᠬᠡᠮᠵᠢ᠂ ᠲᠥᠬᠦᠭᠡᠷᠦᠮᠵᠢ ᠶᠢᠨ ᠬᠤᠯᠪᠣᠭᠳᠠᠯ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ | ᠨᠡᠶᠢᠴᠡᠬᠦ ᠡᠰᠡᠬᠦ ᠶᠢ ᠨᠢ ᠪᠠᠶᠢᠴᠠᠭᠠᠨ᠎ᠠ︔ ᠬᠤᠯᠪᠣᠭᠳᠠᠯ ᠪᠦᠬᠦᠢ ᠨᠢᠭᠡᠴᠢ ᠪᠠ ᠠᠵᠢᠯᠲᠠᠨ ᠠᠴᠠ ᠬᠠᠮᠢᠶ᠎ᠠ ᠪᠦᠬᠦᠢ | ᠪᠠᠶᠢᠳᠠᠯ ᠢ ᠪᠠᠶᠢᠴᠠᠭᠠᠨ ᠣᠶᠢᠯᠠᠭᠠᠨ᠎ᠠ︔ ᠬᠠᠤᠯᠢ ᠪᠤᠰᠤ ᠪᠠᠷ ᠬᠤᠳᠠᠯᠳᠤᠵᠤ ᠠᠪᠤᠭᠰᠠᠨ ᠪᠤᠶᠤ ᠤᠯᠤᠰ ᠤᠨ ᠠᠮᠤ | ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠠᠮᠤ ᠪᠤᠳᠠᠭ᠎ᠠ᠂ ᠬᠠᠤᠯᠢ ᠠᠴᠠ | ᠵᠥᠷᠢᠴᠡᠨ ᠡᠵᠡᠩᠨᠡᠬᠦ ᠳᠤ ᠬᠡᠷᠡᠭᠯᠡᠬᠦ ᠪᠤᠶᠤ ᠪᠣᠬᠢᠷᠲᠤᠭᠰᠠᠨ ᠪᠠᠭᠠᠵᠢ ᠬᠡᠷᠡᠭᠰᠡᠯ᠂ ᠲᠥᠬᠦᠭᠡᠷᠦᠮᠵᠢ ᠵᠢᠴᠢ ᠬᠤᠯᠪᠣᠭᠳᠠᠯ | ᠪᠦᠬᠦᠢ ᠳᠠᠩᠰᠠᠨ ᠳᠡᠪᠲᠡᠷ ᠤᠨ ᠮᠠᠲ᠋ᠧᠷᠢᠶᠠᠯ ᠢ ᠪᠠᠶᠢᠴᠠᠭᠠᠨ ᠪᠢᠲᠡᠭᠦᠮᠵᠢᠯᠡᠵᠦ᠂ ᠪᠡᠷᠢᠴᠠᠭᠠᠨ ᠳᠤ ᠦᠯᠡᠳᠡᠭᠡᠨ᠎ᠡ︔ | ᠬᠠᠤᠯᠢ ᠠᠴᠠ ᠵᠥᠷᠢᠴᠡᠨ ᠠᠮᠤ ᠪᠤᠳᠠᠭᠠᠨ ᠤ ᠡᠵᠡᠩᠨᠡᠯᠲᠡ ᠶᠢᠨ ᠦᠢᠯᠡ ᠠᠵᠢᠯᠯᠠᠭ᠎ᠠ ᠡᠷᠬᠢᠯᠡᠵᠦ ᠪᠠᠶᠢᠭ᠎ᠠ ᠲᠠᠯᠠᠪᠤᠷ | ᠭᠠᠵᠠᠷ ᠢ ᠪᠠᠶᠢᠴᠠᠭᠠᠨ ᠪᠢᠲᠡᠭᠦᠮᠵᠢᠯᠡᠨ᠎ᠡ᠃ | | | ᠭᠤᠴᠢ ᠶᠢᠰᠦᠳᠦᠭᠡᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢ | ᠥᠪᠡᠷ ᠥᠪᠡᠷ ᠤᠨ ᠢᠶᠠᠨ ᠲᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠠᠮᠤ ᠪᠤᠳᠠᠭᠠᠨ ᠤ ᠡᠵᠡᠩᠨᠡᠯᠲᠡ ᠶᠢᠨ ᠠᠵᠢᠯᠯᠠᠭᠠᠨ ᠳᠠᠬᠢ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠦᠢᠯᠡ ᠠᠵᠢᠯᠯᠠᠭ᠎ᠠ᠂ ᠬᠠᠤᠯᠢ ᠪᠤᠰᠤ ᠪᠠᠷ ᠠᠷᠠᠯᠵᠢᠶᠠᠯᠠᠬᠤ | ᠵᠢᠴᠢ ᠬᠠᠤᠯᠢ ᠠᠴᠠ ᠵᠥᠷᠢᠴᠡᠭᠰᠡᠨ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | | | ᠳᠥᠴᠢᠳᠦᠭᠡᠷ ᠵᠦᠢᠯ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ︽ᠬᠤᠶᠠᠷ ᠢ ᠲᠠᠰᠢᠷᠠᠮ ᠢᠶᠠᠷ ᠭᠦᠢᠴᠡᠳᠬᠡᠬᠦ᠂ | ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠷ ᠠᠮᠤ ᠪᠤᠳᠠᠭ᠎ᠠ ᠬᠤᠳᠠᠯᠳᠤᠨ ᠠᠪᠬᠤ ᠶᠢᠨ | ᠲᠤᠰᠠᠭᠠᠷ ᠪᠠᠶᠢᠴᠠᠭᠠᠬᠤ ᠪᠠ ᠣᠷᠣᠨ ᠪᠦᠰᠡ᠂ ᠰᠠᠯᠠᠭ᠎ᠠ ᠮᠥᠴᠢᠷ ᠠᠯᠤᠰᠯᠠᠨ ᠬᠠᠮᠲᠤᠷᠠᠵᠤ ᠪᠠᠶᠢᠴᠠᠭᠠᠬᠤ ᠠᠵᠢᠯ | ᠥᠷᠨᠢᠭᠦᠯᠬᠦ ᠬᠡᠷᠡᠭᠲᠡᠢ᠃ | | | ᠳᠥᠴᠢᠨ ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠡᠬᠡ ᠳᠠᠩᠰᠠ ᠶᠢ | ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠲᠤ ᠳᠤ ᠪᠠᠨ ᠬᠦᠷᠲᠡᠭᠡᠬᠦ ᠲᠠᠪᠴᠠᠩ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠂ | ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠬᠠᠮᠲᠤᠷᠠᠵᠤ ᠵᠠᠯᠬᠠᠭᠠᠨ | ᠴᠡᠭᠡᠷᠯᠡᠭᠦᠯᠦᠨ᠎ᠡ᠃ | | | ᠳᠥᠴᠢᠨ ᠬᠤᠶᠠᠳᠤᠭᠠᠷ ᠵᠦᠢᠯ ᠶᠠᠮᠠᠷᠪᠠ ᠪᠠᠶᠢᠭᠤᠯᠭ᠎ᠠ ᠪᠠ ᠬᠤᠪᠢ ᠬᠥᠮᠥᠨ ᠭᠡᠳ ᠴᠥᠮ ᠲᠣᠰ ᠠᠷᠭ᠎ᠠ ᠶᠢᠨ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ | ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ | ᠡᠷᠬᠡ ᠲᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠯᠲᠡ ᠶᠢ ᠲᠣᠰᠴᠤ ᠣᠯᠣᠭᠰᠠᠨ ᠤ ᠳᠠᠷᠠᠭ᠎ᠠ | ᠴᠠᠭ ᠲᠤᠬᠠᠢ ᠳᠤ ᠨᠢ ᠬᠢᠨᠠᠨ ᠬᠠᠷᠭᠤᠭᠤᠯᠵᠤ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠨᠢᠭᠤᠴᠠ | ᠬᠠᠮᠠᠭᠠᠯᠠᠬᠤ ᠬᠡᠷᠡᠭᠲᠡᠢ᠃ ᠬᠠᠷᠭᠤᠭᠤᠯᠤᠨ ᠪᠠᠶᠢᠴᠠᠭᠠᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠣᠷᠣᠰᠢᠵᠤ ᠪᠠᠶᠢᠬᠤ ᠨᠢᠭᠡᠴᠢ ᠪᠠ ᠬᠤᠪᠢ ᠬᠥᠮᠥᠨ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | | | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | | | ᠳᠥᠴᠢᠨ ᠭᠤᠷᠪᠠᠳᠤᠭᠠᠷ ᠵᠦᠢᠯ ᠰᠢᠷ᠎ᠠ ᠪᠤᠷᠴᠠᠭ᠂ ᠲᠣᠰᠣᠯᠢᠭ ᠲᠠᠷᠢᠮᠠᠯ ᠪᠠ ᠢᠳᠡᠭᠡᠨ ᠤ ᠤᠷᠭᠤᠮᠠᠯ ᠤᠨ | ᠲᠣᠰᠣᠨ ᠤ ᠬᠤᠳᠠᠯᠳᠤᠨ ᠠᠪᠬᠤ ᠡᠵᠡᠩᠨᠡᠯᠲᠡ ᠶᠢᠨ ᠠᠵᠢᠯᠯᠠᠭ᠎ᠠ ᠳᠤ᠂ ᠲᠣᠰ ᠠᠷᠭ᠎ᠠ ᠶᠢᠨ ᠨᠠᠢᠮᠠᠳᠤᠭᠠᠷ᠂ ᠠᠷᠪᠠᠨ | ᠨᠢᠭᠡᠳᠦᠭᠡᠷ᠂ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ ᠵᠦᠢᠯ ᠠᠴᠠ ᠪᠤᠰᠤᠳ ᠲᠣᠭᠲᠠᠭᠠᠯ ᠢ ᠲᠣᠬᠢᠷᠠᠭᠤᠯᠤᠨ | ᠬᠡᠷᠡᠭᠯᠡᠨ᠎ᠡ᠃ | | | ᠳᠥᠴᠢᠨ ᠳᠥᠷᠪᠡᠳᠦᠭᠡᠷ ᠵᠦᠢᠯ ᠲᠣᠰ ᠠᠷᠭ᠎ᠠ ᠳᠤ ᠦᠯᠦ ᠬᠤᠯᠪᠣᠭᠳᠠᠭᠰᠠᠨ ᠠᠭᠤᠯᠭ᠎ᠠ ᠶᠢ ︽ᠠᠮᠤ | ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠲᠦᠷᠢᠮ ᠤᠨ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠥᠩᠭᠡᠷᠡᠭᠰᠡᠨ ᠤ ᠬᠤᠯᠪᠣᠭᠳᠠᠯ ᠪᠦᠬᠦᠢ ᠲᠣᠭᠲᠠᠭᠠᠯ ᠨᠢ ᠲᠣᠰ ᠠᠷᠭ᠎ᠠ ᠲᠠᠢ ᠨᠢᠭᠡᠳᠦᠯ ᠦᠭᠡᠢ ᠪᠠᠶᠢᠪᠠᠯ᠂ | ᠲᠣᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ ᠤᠯᠤᠰ ᠠᠴᠠ ᠠᠮᠤ ᠪᠤᠳᠠᠭ᠎ᠠ ᠬᠤᠳᠠᠯᠳᠤᠨ ᠠᠪᠬᠤ ᠲᠠᠢ ᠬᠤᠯᠪᠣᠭᠳᠠᠭᠰᠠᠨ | ᠬᠤᠯᠪᠣᠭᠳᠠᠯ ᠪᠦᠬᠦᠢ ᠲᠣᠭᠲᠠᠭᠠᠯ ᠢ ᠰᠢᠨ᠎ᠡ ᠪᠠᠷ ᠨᠡᠶᠢᠲᠡᠯᠡᠪᠡᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | | | ᠳᠥᠴᠢᠨ ᠲᠠᠪᠤᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | | 2023 ᠣᠨ ᠤ 1 ᠳ᠋ᠦ᠋ᠭᠡᠷ ᠰᠠᠷ᠎ᠠ ᠶᠢᠨ | 14 ᠤ ᠡᠳᠦᠷ ᠳᠠᠷᠤᠮᠠᠯᠯᠠᠨ ᠲᠠᠷᠬᠠᠭᠠᠪᠠ |