| | ᠰᠤᠷᠤᠬᠴᠢᠳ ᠬᠢᠴᠢᠶᠡᠯ ᠤᠨ ᠭᠠᠳᠠᠭᠤᠷᠬᠢ ᠰᠤᠯᠠ ᠨᠣᠮ ᠤᠩᠰᠢᠬᠤ ᠨᠢ ᠶᠡᠭᠡ ᠰᠠᠶᠢᠨ᠂ ᠶᠡᠭᠡ ᠴᠢᠬᠤᠯᠠ | ᠭᠡᠳᠡᠭ ᠢ ᠬᠥᠮᠥᠰ ᠪᠦᠷ ᠮᠡᠳᠡᠳᠡᠭ᠃ ᠭᠡᠪᠡᠴᠦ ᠦᠨᠡᠨ ᠬᠦ ᠤᠩᠰᠢᠪᠠᠯ ᠰᠤᠷᠤᠬᠴᠢᠳ ᠤᠨ ᠬᠢᠴᠢᠶᠡᠯ ᠰᠤᠷᠤᠯᠭ᠎ᠠ᠂ | ᠤᠨᠲᠠᠵᠤ ᠠᠮᠠᠷᠠᠬᠤ ᠶᠢ ᠨᠥᠯᠥᠭᠡᠯᠡᠨ᠎ᠡ ᠭᠡᠵᠦ ᠪᠤᠳᠤᠳᠠᠭ ᠬᠥᠮᠥᠰ ᠴᠸ ᠴᠥᠭᠡᠨ ᠪᠤᠰᠤ ᠪᠠᠶᠢᠳᠠᠭ᠃ ᠲᠡᠭᠡᠪᠡᠯ | ᠬᠢᠴᠢᠶᠡᠯ ᠤᠨ ᠭᠠᠳᠠᠭᠤᠷᠬᠢ ᠰᠤᠯᠠ ᠨᠣᠮ ᠤᠩᠰᠢᠬᠤ ᠨᠢ ᠦᠨᠡᠨ ᠬᠦ ᠠᠰᠢᠭᠲᠠᠢ ᠤᠤ᠂ ᠶᠠᠭᠠᠬᠢᠵᠤ ᠤᠩᠰᠢᠪᠠᠯ ᠵᠣᠬᠢᠬᠤ | ᠪᠤᠢ︖ | | | ᠶᠠᠭᠤᠨ ᠤ ᠤᠷᠢᠳ᠂ ᠵᠥᠪ ᠲᠠᠨᠢᠯᠲᠠ ᠲᠠᠢ ᠪᠠᠶᠢᠬᠤ ᠨᠢ ᠴᠢᠬᠤᠯᠠ᠃ ᠬᠢᠴᠢᠶᠡᠯ ᠤᠨ ᠭᠠᠳᠠᠭᠤᠷᠬᠢ ᠰᠤᠯᠠ | ᠨᠣᠮ ᠢ ᠤᠯᠠᠨ ᠤᠩᠰᠢᠵᠤ᠂ ᠰᠠᠶᠢᠨ ᠤᠩᠰᠢᠬᠤ ᠨᠢ ᠬᠢᠴᠢᠶᠡᠯ ᠰᠤᠷᠤᠯᠭ᠎ᠠ᠂ ᠤᠨᠲᠠᠵᠤ ᠠᠮᠠᠷᠠᠬᠤ ᠶᠢ ᠨᠥᠯᠥᠭᠡᠯᠡᠬᠦ | ᠦᠭᠡᠢ ᠮᠥᠷᠲᠡᠭᠡᠨ ᠲᠤᠰᠠ ᠪᠣᠯᠣᠨ᠎ᠠ᠃ ᠪᠣᠳᠠᠲᠠᠢ ᠶᠠᠷᠢᠪᠠᠯ ᠬᠢᠴᠢᠶᠡᠯ ᠤᠨ ᠭᠠᠳᠠᠭᠤᠷᠬᠢ ᠨᠣᠮ ᠤᠩᠰᠢᠬᠤ ᠨᠢ ᠮᠡᠳᠡᠯᠭᠡ | ᠶᠢᠨ ᠬᠦᠷᠢᠶ᠎ᠡ ᠬᠡᠪᠴᠢᠶ᠎ᠡ ᠶᠢ ᠲᠠᠯᠠᠵᠦ ᠨᠡᠶᠢᠭᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠡᠯ ᠢᠶᠠᠨ ᠤᠯᠠᠮ | ᠯᠠᠪᠰᠢᠷᠠᠭᠤᠯᠤᠨ ᠭᠦᠨᠵᠡᠭᠡᠢ ᠣᠶᠢᠯᠠᠭᠠᠬᠤ ᠳᠤ ᠲᠤᠰᠠ ᠲᠠᠮ ᠪᠣᠯᠣᠨ᠎ᠠ᠃ ᠵᠢᠱᠢᠶᠡᠯᠡᠪᠡᠯ ᠠᠭᠤᠷ ᠤᠨ ᠮᠠᠰᠢᠨ ᠢ | ᠡᠭᠦᠳᠦᠭᠴᠢ ᠸᠠᠲ ᠤᠨ ᠨᠠᠮᠲᠠᠷ ᠢ ᠲᠡᠮᠳᠡᠭᠯᠡᠭᠰᠡᠨ︽ᠸᠠᠲ︾ᠭᠡᠰᠡᠨ ᠨᠢᠮᠭᠡᠬᠡᠨ ᠨᠣᠮ ᠢ ᠤᠩᠰᠢᠵᠤ ᠥᠩᠭᠡᠷᠡᠭᠰᠡᠨ ᠪᠣᠯ᠂ | ᠲᠡᠦᠬᠡ ᠶᠢᠨ ᠬᠢᠴᠢᠶᠡᠯ ᠳᠡᠭᠡᠷ᠎ᠡ ᠬᠤᠶᠠᠳᠤᠭᠠᠷ ᠤᠳᠠᠭᠠᠨ ᠤ ᠠᠵᠤ ᠦᠢᠯᠡᠳᠪᠦᠷᠢ ᠶᠢᠨ ᠬᠤᠪᠢᠰᠬᠠᠯ ᠤᠨ ᠲᠤᠬᠠᠢ | ᠰᠤᠷᠬᠤ ᠦᠶᠡᠰ ᠲᠤᠬᠠᠢ ᠶᠢᠨ ᠦᠶ᠎ᠡ ᠶᠢᠨ ᠲᠡᠦᠬᠡᠨ ᠠᠬᠤᠢ᠂ ᠪᠣᠳᠠᠲᠠᠢ ᠪᠠᠶᠢᠳᠠᠯ᠂ ᠠᠴᠢ ᠬᠤᠯᠪᠣᠭᠳᠠᠯ ᠤᠨ ᠲᠤᠬᠠᠢ | ᠰᠠᠭᠤᠷᠢ ᠮᠡᠳᠡᠯᠭᠡ ᠲᠠᠢ ᠪᠣᠯᠵᠤ ᠨᠠᠩ ᠭᠦᠨᠵᠡᠭᠡᠢ ᠰᠠᠶᠢᠨ ᠣᠶᠢᠯᠠᠭᠠᠵᠤ ᠴᠢᠳᠠᠬᠤ ᠨᠢ ᠯᠠᠪᠲᠠᠢ᠃ ᠬᠢᠴᠢᠶᠡᠯ ᠤᠨ | ᠭᠠᠳᠠᠭᠤᠷᠬᠢ ᠨᠣᠮ ᠤᠩᠰᠢᠬᠤ ᠨᠢ ᠪᠠᠰᠠ ᠬᠡᠦᠬᠡᠳ ᠤᠨ ᠤᠩᠰᠢᠵᠤ ᠣᠶᠢᠯᠠᠭᠠᠬᠤ ᠴᠢᠳᠠᠪᠤᠷᠢ ᠶᠢ ᠲᠡᠭᠡᠭᠰᠢᠯᠡᠭᠦᠯᠵᠦ᠂ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠡᠯ ᠢᠶᠠᠨ ᠰᠠᠶᠢᠨ ᠰᠤᠷᠬᠤ ᠳᠤ ᠲᠤᠰᠠ ᠪᠣᠯᠣᠨ᠎ᠠ᠂ | ᠦᠭᠡᠰ ᠤᠨ ᠰᠠᠩ ᠨᠢ ᠪᠠᠶᠠᠯᠢᠭᠵᠢᠵᠤ᠂ ᠰᠡᠳᠬᠢᠴᠡ ᠨᠡᠭᠡᠭᠡᠭᠳᠡᠵᠦ ᠵᠣᠬᠢᠶᠠᠨ ᠪᠢᠴᠢᠬᠦ ᠴᠢᠳᠠᠪᠤᠷᠢ ᠨᠢ ᠳᠡᠭᠡᠭᠰᠢᠯᠡᠨ᠎ᠡ᠃ | ᠤᠳᠤ ᠶᠢᠨ ᠭᠡᠯᠡ ᠪᠢᠴᠢᠭ ᠤᠨ ᠠᠯᠢ ᠴᠸ ᠰᠢᠯᠭᠠᠯᠲᠠ ᠳᠤ ᠵᠣᠬᠢᠶᠠᠯ ᠪᠢᠴᠢᠭᠦᠯᠳᠡᠭ ᠪᠥᠭᠡᠳ ᠨᠡᠯᠢᠶᠡᠳ ᠥᠨᠳᠥᠷ | ᠬᠤᠪᠢ ᠶᠢ ᠡᠵᠡᠯᠡᠵᠦ ᠪᠠᠶᠢᠳᠠᠭ᠃ | | | ᠳᠠᠷᠠᠭᠠᠯᠠᠪᠠᠯ᠂ ᠠᠷᠭ᠎ᠠ ᠪᠠᠷᠢᠯ ᠢ ᠠᠩᠬᠠᠷᠬᠤ ᠨᠢ ᠴᠢᠬᠤᠯᠠ᠃ ᠵᠠᠷᠢᠮ ᠭᠡᠷ ᠤᠨ ᠠᠬᠠᠮᠠᠳ ᠪᠠᠭ᠎ᠠ ᠰᠤᠷᠭᠠᠭᠤᠯᠢ | ᠶᠢᠨ ᠬᠡᠦᠬᠡᠳ ᠢ ᠶᠠᠭ ᠦᠰᠤᠨ ᠪᠣᠶᠢᠵᠢᠬᠤ ᠱᠠᠲᠤᠨ ᠳᠠᠭᠠᠨ ᠪᠤᠢ᠂ ᠴᠠᠭ ᠭᠠᠷᠪᠠᠯ ᠢᠯᠡᠭᠦᠬᠡᠨ ᠤᠨᠲᠠᠵᠤ ᠠᠮᠠᠷᠠᠭ ᠭᠡᠳ | ᠰᠤᠯᠠ ᠨᠣᠮ ᠤᠩᠰᠢᠭᠤᠯᠳᠠᠭ ᠦᠭᠡᠢ; ᠠᠩᠬ᠎ᠠ ᠲᠤᠮᠳᠠᠳᠤ ᠶᠢᠨ ᠬᠡᠦᠬᠡᠳ ᠪᠣᠯᠣᠨ ᠳᠡᠭᠡᠳᠦ ᠲᠤᠮᠳᠠᠳᠤ ᠶᠢᠨ | ᠰᠤᠷᠤᠬᠴᠢ ᠶᠢ ᠪᠠᠰᠠ ᠳᠡᠭᠡᠳᠦ ᠲᠤᠮᠳᠠᠳᠤ ᠳᠤ ᠳᠡᠪᠰᠢᠬᠦ ᠤᠤ᠂ ᠠᠵᠢᠯ ᠮᠡᠷᠭᠡᠵᠢᠯ ᠤᠨ ᠰᠤᠷᠭᠠᠭᠤᠯᠢ ᠳᠤ | ᠬᠤᠪᠢᠶᠠᠭᠳᠠᠬᠤ ᠤᠤ ᠭᠡᠰᠡᠨ ᠵᠠᠩᠭᠢᠯᠠᠭ᠎ᠠ ᠶᠢᠨ ᠮᠥᠴᠡ ᠳᠤ ᠪᠤᠢ ᠭᠡᠬᠦ ᠪᠤᠶᠤ ᠶᠡᠭᠡ ᠳᠡᠭᠡᠳᠦ ᠰᠤᠷᠭᠠᠭᠤᠯᠢ ᠳᠤ | ᠣᠷᠣᠬᠤ ᠨᠢ ᠴᠢᠬᠤᠯᠠ᠂ ᠶᠡᠭᠡ ᠳᠡᠭᠡᠳᠦ ᠰᠤᠷᠭᠠᠭᠤᠯᠢ ᠳᠠᠭᠠᠨ ᠰᠢᠯᠭᠠᠵᠤ ᠣᠷᠣᠭᠰᠠᠨ ᠤ ᠲᠠᠷᠠᠭ᠎ᠠ ᠶᠠᠮᠠᠷ ᠨᠣᠮ | ᠤᠩᠰᠢᠬᠤ ᠳᠤᠷ᠎ᠠ ᠲᠠᠢ ᠪᠣᠯ ᠲᠡᠭᠦᠨ ᠢᠶᠠᠨ ᠤᠩᠰᠢ᠂ ᠤᠳᠤ ᠬᠢᠴᠢᠶᠡᠯ ᠤᠨ ᠨᠣᠮ ᠢᠶᠠᠨ ᠯᠡ ᠰᠠᠶᠢᠨ ᠦᠵᠡᠵᠦ | ᠰᠠᠶᠢᠨ ᠰᠢᠯᠭᠠᠭᠤᠯᠬᠤ ᠶᠢ ᠪᠤᠳᠤ ᠭᠡᠳ ᠰᠤᠯᠠ ᠨᠣᠮ ᠤᠩᠰᠢᠭᠤᠯᠳᠠᠭ ᠦᠭᠡᠢ᠃ ᠡᠨᠡ ᠪᠣᠯ ᠲᠤᠮᠳᠠᠳᠤ ᠪᠠᠭ᠎ᠠ | ᠰᠤᠷᠭᠠᠭᠤᠯᠢ ᠶᠢᠨ ᠰᠤᠷᠤᠬᠴᠢᠳ ᠲᠤ ᠲᠤᠯᠭᠠᠷᠠᠵᠤ ᠪᠠᠶᠢᠭ᠎ᠠ ᠶᠠᠭᠠᠬᠢᠬᠤ ᠶᠢᠨ ᠠᠷᠭ᠎ᠠ ᠦᠭᠡᠢ ᠪᠣᠳᠠᠲᠠᠢ ᠠᠰᠠᠭᠤᠳᠠᠯ | ᠮᠥᠨ᠂ ᠭᠡᠪᠡᠴᠦ ᠠᠷᠭ᠎ᠠ ᠪᠠᠷᠢᠯ ᠢᠶᠠᠨ ᠠᠩᠬᠠᠷᠪᠠᠯ ᠡᠨᠡ ᠵᠥᠷᠢᠴᠡᠯ ᠢ ᠰᠢᠢᠳᠪᠦᠷᠢᠯᠡᠵᠦ ᠪᠣᠯᠣᠨ᠎ᠠ᠃ ᠡᠭᠦᠨ ᠳᠤ᠂ | ᠨᠢᠭᠡᠳᠦᠭᠡᠷ ᠲᠤ᠂ ᠴᠠᠭ ᠤᠨ ᠲᠠᠯ᠎ᠠ ᠪᠠᠷ ᠠᠩᠬᠠᠷᠤᠨ᠎ᠠ᠃ ᠡᠩ ᠤᠨ ᠦᠶ᠎ᠡ ᠳᠤ ᠡᠳᠦᠷ ᠪᠦᠷᠢ 10 - 20 ᠮᠢᠨᠦ᠋ᠲ | ᠨᠣᠮ ᠤᠩᠰᠢᠭᠤᠯᠪᠠᠯ ᠬᠠᠩᠭᠠᠯᠲᠠ ᠲᠠᠢ ᠭᠦᠢᠴᠡᠨ᠎ᠡ᠃ ᠣᠷᠣᠢ ᠶᠢᠨ ᠳᠠᠪᠲᠠᠯᠭ᠎ᠠ ᠪᠤᠶᠤ ᠦᠳᠡ᠂ ᠡᠰᠡᠪᠡᠯ ᠣᠷᠣᠢ | ᠤᠨᠲᠠᠬᠤ ᠠᠴᠠ ᠡᠮᠦᠨ᠎ᠡ ᠤᠩᠰᠢᠵᠤ ᠪᠣᠯᠣᠨ᠎ᠠ᠂ ᠡᠭᠦᠨ ᠳᠤ ᠴᠠᠭ ᠨᠢ ᠲᠤᠯᠪᠠᠯ ᠨᠣᠮ ᠢᠶᠠᠨ ᠬᠠᠮᠬᠢᠵᠤ ᠬᠤᠷᠢᠶᠠᠬᠤ | ᠬᠡᠷᠡᠭᠲᠡᠢ᠂ ᠴᠠᠭ ᠠᠴᠠ ᠪᠠᠨ ᠬᠡᠲᠦᠷᠡᠵᠦ ᠦᠵᠡᠬᠦ ᠶᠤᠮ ᠪᠣᠯ ᠤᠨᠲᠠᠵᠤ ᠠᠮᠠᠷᠠᠬᠤ ᠪᠤᠶᠤ ᠪᠤᠰᠤᠳ ᠬᠢᠬᠦ ᠵᠦᠢᠯ ᠢᠶᠠᠨ | ᠨᠥᠯᠥᠭᠡᠯᠡᠬᠦ ᠪᠣᠯᠣᠨ᠎ᠠ᠃ ᠡᠶᠢᠮᠦ ᠠᠴᠠ ᠴᠠᠭ ᠢᠶᠠᠨ ᠪᠠᠷᠢᠮᠲᠠᠯᠠᠬᠤ ᠨᠢ ᠮᠠᠰᠢ ᠴᠢᠬᠤᠯᠠ᠃ ᠬᠤᠶᠠᠳᠤᠭᠠᠷ ᠲᠤ᠂ ᠤᠩᠰᠢᠬᠤ | ᠠᠷᠭ᠎ᠠ ᠪᠠᠷᠢᠯ ᠤᠨ ᠲᠠᠯ᠎ᠠ ᠪᠠᠷ ᠠᠩᠬᠠᠷᠤᠨ᠎ᠠ᠃ ᠵᠠᠪᠠᠯ ᠦᠰᠦᠭ ᠳᠠᠷᠠᠭᠠᠯᠠᠨ ᠤᠩᠰᠢᠬᠤ ᠪᠢᠰᠢ᠂ ᠢᠳᠡᠭ ᠢᠳᠡᠭ ᠢᠶᠠᠷ | ᠭᠡᠳᠦ ᠬᠡᠳᠦᠨ ᠮᠥᠷ ᠢᠶᠠᠷ ᠨᠢᠳᠦ ᠭᠦᠶᠦᠯᠭᠡᠨ ᠤᠩᠰᠢᠵᠤ ᠰᠤᠷᠬᠤ᠂ ᠲᠡᠷᠡᠴᠢᠯᠡᠨ ᠰᠢᠷᠪᠢᠨ ᠤᠩᠰᠢᠵᠤ ᠬᠠᠭᠤᠳᠠᠰᠤ | ᠬᠠᠭᠤᠳᠠᠰᠤ ᠪᠠᠷ ᠤᠷᠪᠠᠭᠤᠯᠵᠤ ᠭᠤᠣᠯᠳᠠᠯᠭ᠎ᠠ ᠲᠠᠢ ᠬᠡᠷᠡᠭ ᠲᠠᠢ ᠭᠡᠵᠦ ᠦᠵᠡᠭᠰᠡᠨ ᠬᠡᠰᠡᠭ ᠢᠶᠠᠨ ᠨᠠᠷᠢᠯᠢᠭ ᠤᠩᠰᠢᠬᠤ᠂ | ᠡᠰᠡᠬᠦᠯ᠎ᠡ ᠵᠠᠷᠢᠮ ᠨᠣᠮ ᠢ ᠵᠦᠪᠭᠡᠨ ᠳᠣᠲᠣᠷᠠᠬᠢ ᠭᠠᠷᠴᠠᠭ᠂ ᠮᠥᠷ ᠪᠠᠳᠠᠭ ᠤᠨ ᠡᠬᠢᠨ ᠤ ᠥᠭᠦᠯᠡᠪᠦᠷᠢ ᠶᠢ ᠨᠢ ᠯᠠ | ᠤᠩᠰᠢᠬᠤ᠂ ᠵᠠᠷᠢᠮ ᠨᠣᠮ ᠢ ᠬᠤᠶᠢᠨ᠎ᠠ ᠠᠴᠠ ᠨᠢ ᠤᠩᠰᠢᠬᠤ ᠭᠡᠬᠦ ᠮᠡᠲᠦ ᠤᠯᠠᠨ ᠵᠦᠢᠯ ᠤᠨ ᠨᠣᠮ ᠤᠩᠰᠢᠬᠤ ᠠᠷᠭ᠎ᠠ | ᠶᠢ ᠡᠵᠡᠮᠰᠢᠬᠦ ᠴᠢᠬᠤᠯᠠᠲᠠᠢ᠃ ᠭᠤᠷᠪᠠᠳᠤᠭᠠᠷ ᠲᠤ᠂ ᠰᠣᠩᠭᠤᠯᠲᠠ ᠲᠠᠢ ᠤᠩᠰᠢᠨ᠎ᠠ᠃ ᠲᠤᠮᠳᠠᠳᠤ ᠪᠠᠭ᠎ᠠ ᠰᠤᠷᠭᠠᠭᠤᠯᠢ | ᠶᠢᠨ ᠬᠤᠭᠤᠴᠠᠭᠠᠨ ᠳᠤ ᠴᠠᠭ ᠮᠠᠰᠢ ᠡᠷᠬᠢᠮ ᠨᠠᠨᠳᠢᠨ ᠪᠣᠯᠬᠤᠷ ᠤᠩᠰᠢᠬᠤ ᠨᠣᠮ ᠢᠶᠠᠨ ᠡᠷᠬᠡᠪᠰᠢ ᠰᠠᠶᠢᠲᠤᠷ | ᠰᠣᠩᠭᠤᠬᠤ ᠬᠡᠷᠡᠭᠲᠡᠢ᠃ ᠳᠥᠷᠪᠡᠳᠦᠭᠡᠷ ᠲᠤ᠂ ᠡᠳᠦᠷ ᠪᠦᠷᠢ ᠪᠠᠷᠢᠮᠲᠠᠯᠠᠨ᠎ᠠ᠃ ᠡᠩ ᠤᠨ ᠪᠠᠶᠢᠳᠠᠯ ᠳᠤ ᠮᠢᠨᠦ᠋ᠲ | ᠳᠤᠮᠳᠠᠴᠢ ᠪᠠᠷ 160 ᠦᠰᠦᠭ ᠤᠩᠰᠢᠬᠤ ᠪᠠᠷ ᠪᠤᠳᠤᠬᠰᠠᠨ ᠴᠸ 10 - 20 ᠮᠢᠨᠦ᠋ᠲ ᠲᠤ 1600 - 3200 | ᠦᠰᠦᠭ ᠪᠤᠶᠤ 2 - 4 ᠨᠢᠭᠤᠷ ᠨᠣᠮ ᠤᠩᠰᠢᠵᠤ ᠲᠠᠶᠢᠯᠦᠨ᠎ᠠ᠃ ᠬᠡᠷᠪᠡ ᠡᠳᠦᠷ ᠪᠦᠷᠢ ᠡᠭᠦᠨ ᠢ ᠪᠠᠷᠢᠮᠲᠠᠯᠠᠬᠤ ᠶᠤᠮ | ᠪᠣᠯ ᠤᠳᠠᠭᠠᠨ ᠳᠠᠭᠠᠨ ᠨᠡᠯᠢᠶᠡᠳ ᠨᠣᠮ ᠤᠩᠰᠢᠴᠢᠬᠠᠨᠠ᠃ ᠬᠠᠷᠢᠨ ᠡᠪᠦᠯ ᠵᠤᠨ ᠤ ᠠᠮᠠᠷᠠᠯᠲᠠ ᠶᠢᠨ ᠴᠢᠯᠦᠭᠡ ᠪᠠᠨ | ᠭᠦᠢᠴᠡᠳ ᠠᠰᠢᠭᠯᠠᠵᠤ ᠢᠯᠡᠭᠦᠦ ᠤᠩᠰᠢᠵᠤ ᠪᠣᠯᠣᠨ᠎ᠠ᠃ ᠭᠡᠬᠦ ᠳᠡᠭᠡᠨ ᠶᠠᠮᠠᠷ ᠴᠢᠯᠦᠭᠡ ᠵᠠᠪ ᠲᠠᠢ ᠪᠠᠶᠢᠭᠰᠠᠨ ᠴᠸ | ᠰᠥᠨᠢ ᠶᠢᠨ ᠬᠠᠭᠠᠰ ᠪᠤᠯᠳᠠᠯ᠎ᠠ ᠤᠩᠰᠢᠵᠤ ᠰᠠᠭᠤᠬᠤ ᠦᠭᠡᠢ᠂ ᠡᠳᠦᠷ ᠪᠦᠷᠢ ᠵᠠᠪᠠᠯ ᠲᠥᠯᠥᠪᠯᠡᠭᠡ ᠲᠠᠢ᠂ ᠴᠠᠭ ᠲᠠᠢ᠂ | ᠬᠡᠮᠵᠢᠶ᠎ᠡ ᠲᠠᠢ ᠤᠩᠰᠢᠪᠠᠯ ᠵᠣᠬᠢᠨ᠎ᠠ᠃ | | | ᠨᠣᠮ ᠪᠣᠯ ᠳᠡᠭᠡᠭᠰᠢ ᠲᠠᠪᠰᠢᠬᠤ ᠱᠠᠲᠤ ᠮᠥᠨ᠃ ᠲᠡᠭᠡᠭᠦᠯᠡᠷ ᠲᠤᠮᠳᠠᠳᠤ ᠪᠠᠭ᠎ᠠ ᠰᠤᠷᠭᠠᠭᠤᠯᠢ ᠶᠢᠨ | ᠰᠤᠷᠤᠬᠴᠢᠳ ᠴᠸ ᠴᠠᠭ ᠢᠶᠠᠨ ᠵᠣᠬᠢᠰᠲᠠᠢ ᠲᠣᠬᠢᠷᠠᠭᠤᠯᠤᠨ᠂ ᠠᠷᠭ᠎ᠠ ᠪᠠᠨ ᠪᠦᠳᠦᠮᠵᠢᠳᠡᠢ ᠪᠠᠶᠢᠯᠭᠠᠪᠠᠯ ᠤᠯᠠᠨ ᠰᠠᠶᠢᠬᠠᠨ | ᠬᠢᠴᠢᠶᠡᠯ ᠤᠨ ᠭᠠᠳᠠᠭᠤᠷᠬᠢ ᠰᠤᠯᠠ ᠨᠣᠮ ᠤᠩᠰᠢᠵᠤ᠂ ᠮᠡᠳᠡᠯᠭᠡ ᠮᠡᠳᠡᠴᠡ ᠪᠠᠨ ᠥᠷᠭᠡᠵᠢᠭᠦᠯᠵᠦ᠂ ᠡᠷᠳᠡᠮ ᠴᠢᠳᠠᠪᠤᠷᠢ | ᠪᠠᠨ ᠨᠡᠮᠡᠭᠳᠡᠭᠦᠯᠵᠦ ᠪᠤᠯᠬᠤ ᠶᠤᠮ ᠠ᠋᠃ | | |