18 ᠲᠦᠮᠡ ᠭᠠᠷᠤᠢ ᠰᠢᠯᠭᠠᠭᠤᠯᠤᠭᠴᠢ ᠣᠷᠣᠯᠴᠠᠪᠠ
ᠨᠡᠶᠢᠲᠡᠯᠡᠭᠰᠡᠨ ᠴᠠᠭ᠄
2023/12/22
   ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 12 ᠰᠠᠷ᠎ᠠ ᠶᠢᠨ 17 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠪᠢᠷ ᠤᠨ ᠰᠢᠯᠭᠠᠯᠲᠠ ᠪᠦᠭᠦ ᠣᠷᠣᠨ ᠤ 12 ᠠᠶᠢᠮᠠᠭ ᠬᠤᠲᠠ ᠳᠤ ᠵᠡᠷᠭᠡ ᠪᠠᠷ ᠶᠠᠪᠤᠭᠳᠠᠪᠠ᠃    ᠲᠤᠰ ᠤᠳᠠᠭᠠᠨ ᠤ ᠰᠢᠯᠭᠠᠯᠲᠠ ᠳᠤ 12 ᠠᠶᠢᠮᠠᠭ ᠬᠤᠲᠠ ᠶᠢᠨ 7185 ᠰᠢᠯᠭᠠᠯᠲᠠ ᠶᠢᠨ ᠲᠠᠯᠠᠪᠠᠢ ᠳᠤ ᠨᠡᠶᠢᠲᠡ 210775 ᠰᠢᠯᠭᠠᠭᠤᠯᠤᠭᠴᠢ ᠨᠡᠷ᠎ᠡ ᠮᠡᠳᠡᠭᠦᠯᠦᠭᠰᠡᠨ ᠠᠴᠠ ᠪᠣᠳᠠᠲᠠᠢ ᠰᠢᠯᠭᠠᠯᠲᠠ ᠳᠤ 181586 ᠬᠥᠮᠥᠨ ᠤᠷᠤᠯᠴᠠᠵᠤ᠂ ᠰᠢᠯᠭᠠᠯᠲᠠ ᠳᠤ ᠤᠷᠤᠯᠴᠠᠬᠰᠠᠨ ᠨᠣᠷᠮ᠎ᠠ ᠪᠠᠷᠤᠭ 86.15% ᠭᠦᠷᠪᠡ᠃ ᠰᠢᠯᠭᠠᠯᠲᠠ ᠳᠤ ᠣᠷᠣᠯᠴᠠᠬᠰᠠᠨ ᠬᠥᠮᠥᠨ ᠤ ᠲᠤᠭ᠎ᠠ ᠪᠣᠯᠣᠨ ᠤᠷᠢᠵᠤ ᠬᠡᠷᠡᠭᠯᠡᠬᠦ ᠲᠥᠯᠥᠪᠯᠡᠭᠡ ᠶᠢᠨ ᠲᠣᠭᠠᠨ ᠤ ᠬᠠᠷᠢᠴᠠᠯ ᠨᠢ ᠪᠠᠷᠤᠭ 17᠄ 1 ᠭᠦᠷᠪᠡ᠃ ᠪᠦᠭᠦ ᠣᠷᠣᠨ ᠳᠤ ᠰᠢᠯᠭᠠᠯᠲᠠ ᠬᠢᠨᠠᠬᠤ᠂ ᠲᠣᠭᠤᠷᠢᠨ ᠪᠠᠶᠢᠴᠠᠭᠠᠬᠤ ᠪᠠ ᠰᠢᠯᠭᠠᠯᠲᠠ ᠶᠢᠨ ᠶᠠᠪᠤᠳᠠᠯ ᠤᠨ ᠠᠵᠢᠯᠲᠠᠨ ᠨᠡᠶᠢᠳᠡ 1.7 ᠲᠦᠮᠡᠨ ᠬᠥᠮᠥᠨ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃       ᠣᠶᠢᠯᠠᠭᠠᠭᠰᠠᠨ ᠢᠶᠠᠷ᠂ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠷᠬᠡ ᠲᠡᠭᠰᠢ᠂ ᠲᠥᠪ ᠭᠤᠥᠯᠴᠢ᠂ ᠢᠯᠡ ᠲᠣᠳᠣ ᠰᠢᠯᠭᠠᠯᠲᠠ ᠶᠢᠨ ᠣᠷᠴᠢᠨ ᠢ ᠪᠤᠶ ᠪᠣᠯᠭᠠᠪᠠ᠃ ᠥᠷᠭᠡᠨ ᠣᠯᠠᠨ ᠰᠢᠯᠭᠠᠭᠤᠯᠤᠭᠴᠢ ᠰᠢᠯᠭᠠᠯᠲᠠ ᠶᠢᠨ ᠰᠠᠬᠢᠯᠭ᠎ᠠ ᠪᠠᠲᠤ ᠶᠢ ᠬᠢᠨᠠᠮᠠᠭᠠᠢ ᠵᠢᠷᠤᠮᠯᠠᠨ᠂ ᠬᠢᠨᠠᠭᠴᠢᠳ ᠤᠨ ᠵᠢᠯᠣᠭᠤᠳᠤᠯᠭ᠎ᠠ ᠶᠢ ᠳᠠᠭᠠᠵᠤ᠂ ᠰᠢᠯᠭᠠᠯᠲᠠ ᠶᠡᠷᠦᠩᠬᠡᠢ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠪᠠ᠃   ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号