ᠲᠥᠪ ᠲᠧᠯᠸᠢᠰ ︽ᠬᠥᠮᠥᠨ ᠤ ᠶᠢᠷᠲᠢᠨᠴᠦ ᠶᠢᠨ ᠵᠢᠷᠭᠠᠯᠲᠤ ᠨᠤᠲᠤᠭ︾ ᠢ ᠬᠠᠩᠭᠢᠨ ᠬᠤᠰᠢᠭᠤᠨ ᠳᠤ ᠰᠡᠭᠦᠳᠡᠷᠯᠡᠵᠦ ᠡᠬᠢᠯᠡᠪᠡ
ᠨᠡᠶᠢᠲᠡᠯᠡᠭᠰᠡᠨ ᠴᠠᠭ᠄
2023/12/22
     ᠲᠥᠪ ᠲᠧᠯᠸᠢᠰ ᠤᠨ ᠵᠢᠷᠭᠤᠳᠤᠭᠠᠷ ᠰᠤᠪᠠᠭ ᠪᠣᠯᠣᠨ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠬᠠᠮᠲᠤᠷᠠᠨ ᠰᠢᠩᠭᠡᠬᠡᠨ ᠦᠢᠯᠡᠳᠬᠦ ᠭᠡᠵᠦ ᠪᠠᠶᠢᠭ᠎ᠠ︽ᠬᠥᠮᠥᠨ ᠤ ᠶᠢᠷᠲᠢᠨᠴᠦ ᠶᠢᠨ ᠵᠢᠷᠭᠠᠯᠲᠤ ᠨᠤᠲᠤᠭ︾ ᠤᠨ ᠣᠷᠳᠣᠰ ᠲᠠᠬᠢ ᠠᠭᠤᠯᠭ᠎ᠠ ᠶᠢ ᠰᠡᠭᠦᠳᠡᠷᠯᠡᠬᠦ ᠶᠣᠰᠣᠯᠠᠯ ᠣᠶᠢᠷ᠎ᠠ ᠳᠤ ᠬᠠᠩᠭᠢᠨ ᠬᠤᠰᠢᠭᠤᠨ ᠤ ᠳᠤᠭᠤᠶᠢᠳᠠᠯ᠎ᠠ ᠪᠠᠯᠭᠠᠰᠤᠨ ᠳᠤ ᠶᠠᠪᠤᠭᠳᠠᠪᠠ᠃     ᠣᠶᠢᠯᠠᠭᠠᠭᠰᠠᠨ ᠢᠶᠠᠷ᠂ ︽ᠬᠥᠮᠥᠨ ᠤ ᠶᠢᠷᠲᠢᠨᠴᠦ ᠶᠢᠨ ᠵᠢᠷᠭᠠᠯᠲᠤ ᠨᠤᠲᠤᠭ︾ ᠪᠣᠯ ᠲᠥᠪ ᠲᠧᠯᠸᠢᠰ ᠤᠨ ᠵᠢᠷᠭᠤᠳᠤᠭᠠᠷ ᠰᠤᠪᠠᠭ ᠤᠨ ᠴᠠᠭᠠᠨ ᠰᠠᠷ᠎ᠠ ᠶᠢ ᠤᠭᠲᠤᠬᠤ ᠪᠢᠴᠢᠯ ᠪᠠᠷᠢᠮᠲᠠᠲᠤ ᠹᠢᠯᠢᠮ ᠪᠤᠯᠬᠤ ᠪᠥᠭᠡᠳ ᠪᠦᠭᠦ ᠤᠯᠤᠰ ᠤᠨ ᠬᠡᠪᠴᠢᠶᠡᠨ ᠳᠤ 5 ᠲᠥᠯᠥᠭᠡᠯᠡᠭᠴᠢ ᠴᠢᠨᠠᠷᠲᠠᠢ ᠬᠤᠳᠠ ᠶᠢ ᠰᠣᠩᠭᠤᠵᠤ᠂ ᠲᠤᠬᠠᠢ ᠶᠢᠨ ᠭᠠᠵᠠᠷ ᠤᠨ ᠴᠠᠭᠠᠨ ᠰᠠᠷ᠎ᠠ ᠶᠢᠨ ᠤᠯᠠᠮᠵᠢᠯᠠᠯᠲᠤ ᠰᠣᠶᠣᠯ᠂  ᠵᠠᠩ ᠦᠢᠯᠡ ᠪᠠᠷ ᠭᠤᠣᠯ ᠰᠡᠳᠦᠪ ᠪᠣᠯᠭᠠᠨ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ᠂ ᠥᠳᠬᠡᠨ ᠵᠤᠵᠠᠭᠠᠨ ᠴᠠᠭᠠᠨ ᠰᠠᠷ᠎ᠠ ᠶᠢᠨ ᠠᠭᠤᠷ ᠠᠮᠢᠰᠬᠤᠯ ᠢ ᠳᠡᠯᠭᠡᠨ ᠦᠵᠡᠭᠦᠯᠭᠦ  ᠪᠠᠷ ᠲᠠᠮᠵᠢᠨ᠂ ᠠᠳᠠᠯᠢ ᠪᠤᠰᠤ ᠬᠤᠳᠠ ᠶᠢᠨ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠲᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠲᠠᠨᠢᠯᠴᠠᠭᠤᠯᠬᠤ ᠪᠠᠷ ᠪᠤᠢ᠃ ᠲᠤᠰ ᠹᠢᠯᠢᠮ ᠤᠨ ᠣᠷᠳᠣᠰ ᠲᠠᠬᠢ ᠠᠭᠤᠯᠭ᠎ᠠ ᠨᠢ ᠣᠷᠳᠣᠰ ᠬᠤᠳᠠ ᠶᠢᠨ ᠤᠯᠠᠭᠠᠨᠮᠥ᠋ᠴᠢᠷ ᠬᠥᠳᠡᠭᠡ ᠪᠠᠭᠤᠵᠤ ᠲᠣᠬᠤᠨᠢᠭᠤᠯᠬᠤ ᠲᠤᠬᠯᠠᠯᠳᠠ ᠭᠠᠷᠭᠠᠬᠤ ᠪᠠᠷ ᠭᠤᠣᠯ ᠰᠢᠵᠢᠮ ᠪᠤᠯᠭᠠᠵᠦ᠂  ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ︽ᠬᠥᠩᠭᠡᠨ ᠮᠣᠷᠢᠲᠤ ᠴᠡᠷᠢᠭ︾ ᠤᠨ ᠬᠥᠳᠡᠭᠡ ᠨᠤᠲᠤᠭ ᠲᠤ ᠪᠠᠶᠠᠷ ᠭᠦᠷ᠂ ᠪᠣᠯᠪᠠᠰᠤᠨ ᠰᠤᠷᠲᠠᠯ ᠢ ᠬᠦᠷᠭᠡᠵᠦ ᠪᠠᠶᠢᠭ᠎ᠠ ᠠᠭᠤᠯᠭ᠎ᠠ ᠶᠢ ᠰᠢᠩᠭᠡᠬᠡᠨ ᠦᠢᠯᠡᠳᠴᠦ᠂ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠨᠡᠪᠲᠡᠷᠡᠭᠦᠯᠬᠦ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号