︽ᠴᠢᠩᠭ᠎ᠠ ᠬᠤᠯᠪᠣᠯᠳᠤᠯ ᠨᠡᠪᠲᠡᠷᠡᠯᠴᠡᠯ︾ ᠢᠶᠠᠷ ᠬᠠᠷᠢᠯᠴᠠᠨ ᠠᠰᠢᠭ ᠬᠦᠷᠲᠡᠵᠦ ᠬᠥᠭᠵᠢᠯ ᠴᠡᠴᠡᠭᠯᠡᠯ ᠤᠨ ᠰᠢᠨ᠎ᠡ ᠪᠠᠶᠢᠷᠢᠰᠢᠯ ᠢ ᠬᠠᠮᠲᠤ ᠪᠠᠷ ᠪᠠᠶᠢᠭᠤᠯᠤᠨᠠᠮ
ᠨᠡᠶᠢᠲᠡᠯᠡᠭᠰᠡᠨ ᠴᠠᠭ᠄
2023/12/22
     ︱ᠥᠪᠦᠷ ᠮᠣᠩᠭᠤᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠭ᠎ᠠ ᠲᠤᠬᠠᠢ ᠰᠢᠷᠢᠰ ᠮᠡᠳᠡᠭᠡᠯᠡᠯ ︵ᠨᠢᠭᠡ︶      12 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠵᠢᠯ ᠤᠨ ᠶᠡᠷᠦᠩᠬᠡᠢ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠳᠤᠮᠳᠠᠳᠤ ᠤᠯᠤᠰ ᠤᠨ ᠬᠢᠯᠢ ᠳᠠᠭᠠᠤ ᠮᠤᠵᠢ ᠣᠷᠣᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠵᠢᠯ ᠤᠨ ᠶᠡᠷᠦᠩᠬᠡᠢ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢᠨ ᠲᠡᠮᠳᠡᠭᠯᠡᠯ ᠢ ᠰᠢᠨᠡᠳᠬᠡᠪᠡ᠃ ᠡᠨᠡ ᠨᠢ ᠮᠥᠨ ᠴᠦ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠭᠰᠡᠨ ᠬᠠᠮᠤᠭ ᠤᠨ ᠰᠢᠨ᠎ᠡ ᠠᠮᠵᠢᠯᠲᠠ ᠪᠦᠲᠦᠮᠵᠢ ᠪᠣᠯᠣᠨ᠎ᠠ᠃      ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠤᠢ ᠶᠢᠨ ᠵᠠᠩᠭᠢᠯᠠᠭ᠎ᠠ ᠶᠢᠨ ᠦᠶ᠎ᠡ ᠳᠤ ᠵᠣᠭᠰᠣᠵᠤ ᠡᠷᠭᠢᠴᠡᠭᠦᠯᠬᠦ ᠳᠤ᠂ ᠨᠡᠭᠡᠭᠡᠯᠲᠡ ᠬᠢᠬᠦ ᠨᠢ ᠨᠢᠭᠡ ᠤᠯᠤᠰ ᠪᠤᠶᠤ ᠭᠠᠵᠠᠷ ᠣᠷᠣᠨ ᠤ ᠬᠥᠭᠵᠢᠯ ᠴᠡᠴᠡᠭᠯᠡᠯ ᠳᠤ ᠲᠤᠶᠢᠯ ᠤᠨ ᠴᠢᠩᠭ᠎ᠠ ᠠᠬᠢᠭᠤᠯᠬᠤ ᠦᠢᠯᠡᠳᠦᠯ ᠲᠠᠢ ᠶᠤᠮ᠃ ᠡᠭᠦᠨ ᠳᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠯ ᠨᠡᠪᠲᠡᠷᠡᠯᠴᠡᠯ ᠨᠢ ᠨᠡᠩ ᠴᠤ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃      ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ︽ᠤᠮᠠᠷᠠᠲᠤ ᠶᠢᠨ ᠭᠤᠷᠪᠠᠨ ᠣᠷᠣᠨ︾  ᠢ ᠰᠤᠨᠳᠠᠯᠠᠨ᠂ ᠭᠠᠳᠠᠭᠰᠢ ᠪᠠᠨ ᠣᠷᠣᠰ ᠪᠠ ᠮᠣᠩᠭᠤᠯ ᠤᠯᠤᠰ ᠲᠠᠢ ᠬᠥᠷᠰᠢᠯᠡᠵᠦ᠂ ᠳᠣᠲᠣᠭᠠᠳᠤ ᠳᠠᠭᠠᠨ ᠨᠠᠢᠮᠠᠨ ᠮᠤᠵᠢ ᠣᠷᠣᠨ ᠲᠠᠢ ᠵᠠᠯᠭᠠᠯᠳᠤᠵᠤ᠂ ᠤᠮᠠᠷᠠᠰᠢ ᠨᠡᠭᠡᠭᠡᠯᠲᠡ ᠬᠢᠬᠦ ᠳᠤᠮᠳᠠ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠯ ᠬᠢᠯᠢ ᠬᠢᠵᠠᠭᠠᠷ ᠳᠣᠲᠣᠷ᠎ᠠ ᠭᠠᠵᠠᠷ ᠤᠨ ᠬᠤᠷᠰᠢᠯᠴᠠᠯ ᠢ ᠪᠡᠶᠡᠯᠡᠭᠦᠯᠬᠦ ᠴᠢᠬᠤᠯᠠ ᠵᠠᠩᠭᠢᠯᠠᠭ᠎ᠠ ᠶᠢᠨ ᠴᠡᠭ ᠪᠣᠯᠣᠨ᠎ᠠ᠃ ᠤᠯᠤᠰ ᠤᠨ ᠥᠪᠥᠷ ᠮᠣᠩᠭᠤᠯ ᠳᠠᠬᠢ ᠪᠠᠶᠢᠷᠢ ᠲᠣᠭᠲᠠᠭᠠᠯᠲᠠ ᠶᠣᠰᠣᠭᠠᠷ᠂ ᠥᠪᠥᠷ ᠮᠣᠩᠭᠤᠯ ᠶᠠᠭ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠷᠮᠠᠶᠢᠨ ᠪᠦᠲᠦᠭᠡᠨ ᠪᠠᠶᠢᠭᠤᠯᠵᠤ ᠪᠤᠢ᠃      ᠣᠳᠣᠬᠠᠨ ᠳᠤ᠂ ᠥᠪᠥᠷ ᠮᠣᠩᠭᠤᠯ ᠳᠤ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠭᠠᠳᠠᠭᠠᠳᠤ ᠨᠡᠭᠡᠭᠡᠯᠲᠡ ᠶᠢᠨ ᠬᠢᠯᠢ ᠶᠢᠨ ᠪᠣᠭᠤᠮᠲᠠ ᠨᠡᠶᠢᠲᠡ 20  ᠪᠠᠶᠢᠵᠤ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠣᠯᠠᠨ ᠣᠷᠣᠨ ᠪᠠᠶᠢᠷᠢ ᠲᠠᠢ᠂ ᠪᠣᠰᠤᠭ᠎ᠠ ᠴᠣᠭᠴᠠᠲᠤ ᠬᠢᠯᠢ ᠶᠢᠨ ᠪᠣᠭᠤᠮᠲᠠ ᠶᠢᠨ ᠨᠡᠭᠡᠭᠡᠯᠲᠡ ᠶᠢᠨ ᠪᠠᠶᠢᠷᠢᠰᠢᠯ ᠢ ᠪᠤᠶ ᠪᠣᠯᠭᠠᠪᠠ᠃ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠤᠯᠠᠨ ᠵᠢᠯ ᠳᠠᠷᠠᠭᠠᠯᠠᠨ ᠪᠦᠭᠦ ᠤᠯᠤᠰ ᠲᠤ ᠲᠦᠷᠦᠭᠦᠯᠡᠵᠦ᠂ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠡᠮᠦᠨ᠎ᠡ ᠡᠩᠨᠡᠭᠡᠨ ᠳᠤ ᠣᠷᠣᠵᠤ᠂ ᠥᠪᠥᠷ ᠮᠣᠩᠭᠤᠯ ᠤᠨ ᠣᠨᠴᠠᠯᠢᠭ ᠲᠠᠢ ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠵᠠᠮ ᠢ ᠠᠯᠬᠤᠮ ᠠᠯᠬᠤᠮ ᠢᠶᠠᠷ ᠨᠡᠭᠡᠭᠡᠵᠡᠢ᠃      ᠴᠢᠬᠤᠯᠠ ᠡᠯᠧᠮᠧᠨ᠋ᠲ ᠤᠨ ᠲᠤᠯᠭᠠᠭᠤᠷᠢᠯᠠᠯ ᠢ ᠲᠥᠪᠯᠡᠷᠡᠭᠦᠯᠦᠨ ᠲᠡᠭᠡᠭᠡᠪᠦᠷᠢ ᠶᠢᠨ ᠬᠡᠮᠵᠢᠶ᠎ᠡ ᠶᠢᠨ ᠳᠡᠭᠡᠭᠰᠢᠯᠡᠯᠲᠡ  ᠶᠢ ᠪᠠᠲᠤᠯᠠᠨ᠎ᠠ      ᠰᠠᠭᠤᠷᠢ ᠲᠥᠬᠦᠭᠡᠷᠦᠮᠵᠢ ᠶᠢᠨ ᠬᠤᠯᠪᠣᠯᠳᠤᠯ ᠨᠡᠪᠲᠡᠷᠡᠯᠴᠡᠯ ᠪᠣᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠬᠦᠷᠢᠶ᠎ᠡ᠂ ᠮᠥᠨ ᠴᠦ ᠠᠷᠠᠯᠵᠢᠶᠠᠨ ᠤ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠭᠦ ᠴᠢᠬᠤᠯᠠ ᠲᠦᠰᠢᠭ ᠪᠠᠶᠢᠵᠤ᠂ ᠬᠢᠯᠢ ᠶᠢᠨ ᠪᠣᠭᠤᠮᠲᠠ ᠨᠢ ᠤᠯᠠᠨ ᠤᠯᠤᠰ ᠤᠨ ᠶᠠᠪᠤᠯᠴᠠᠭ᠎ᠠ ᠶᠢᠨ ᠭᠤᠣᠯ ᠡᠭᠦᠳᠡ ᠬᠠᠭᠠᠯᠭ᠎ᠠ ᠪᠠ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠬᠦᠢᠰᠦ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠡᠰᠡᠭ ᠪᠣᠯᠣᠨ᠎ᠠ᠃ ᠥᠪᠥᠷ ᠮᠣᠩᠭᠤᠯ ᠠᠯᠬᠤᠮ ᠠᠯᠬᠤᠮ ᠢᠶᠠᠷ ᠮᠠᠨᠵᠤᠤᠷ᠂ ᠡᠷᠢᠶᠡᠨ 2 ᠵᠠᠩᠭᠢᠯᠠᠭ᠎ᠠ ᠶᠢᠨ ᠬᠢᠯᠢ ᠶᠢᠨ ᠪᠣᠭᠤᠮᠲᠠ᠂ ᠭᠠᠭᠴᠠᠮᠣᠳᠤ᠂ ᠴᠡᠭᠡ᠂ ᠮᠠᠨᠳᠤᠯ᠎ᠠ ᠵᠡᠷᠭᠡ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠲᠣᠭᠲᠠᠴᠠ ᠪᠠᠷ ᠲᠡᠭᠦᠯᠳᠡᠷ᠂ ᠴᠢᠳᠠᠮᠵᠢ ᠪᠠᠷ ᠪᠠᠶᠠᠯᠢᠭ᠂ ᠠᠵᠢᠯᠯᠠᠭᠠᠨ ᠨᠢ ᠤᠷᠤᠭᠰᠢᠲᠠᠢ ᠤᠯᠤᠰ ᠤᠨ ᠴᠢᠬᠤᠯᠠ ᠬᠢᠯᠢ ᠶᠢᠨ ᠪᠣᠭᠤᠮᠲᠠ ᠪᠣᠯᠭᠠᠨ ᠪᠦᠲᠦᠭᠡᠨ ᠪᠠᠶᠢᠭᠤᠯᠪᠠ᠃      12 ᠰᠠᠷ᠎ᠠ ᠶᠢᠨ 8 ᠤ ᠡᠳᠦᠷ ᠤᠨ 8 ᠴᠠᠭ ᠲᠤ᠂ ᠪᠦᠭᠦ ᠤᠯᠤᠰ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠤᠯᠬᠤ ᠭᠠᠭᠴᠠᠮᠣᠳᠤ ᠬᠢᠯᠢ ᠶᠢᠨ ᠪᠣᠭᠤᠮᠲᠠ ᠲᠤᠬᠠᠢ ᠶᠢᠨ ᠡᠳᠦᠷ ᠲᠤ ᠪᠣᠭᠤᠮᠲᠠ ᠪᠠᠷ ᠪᠠᠷᠠᠭ᠎ᠠ ᠥᠩᠭᠡᠷᠡᠵᠦ ᠡᠬᠢᠯᠡᠪᠡ᠃      2023 ᠣᠨ ᠤ 12 ᠰᠠᠷ᠎ᠠ ᠶᠢᠨ 8 ᠤ ᠡᠳᠦᠷ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 10006.8 ᠲᠦᠮᠡᠨ ᠲᠣᠨ ᠳᠤ ᠬᠦᠷᠴᠦ᠂ ᠳᠤᠮᠳᠠᠳᠤ ᠤᠯᠤᠰ ᠤᠨ ᠬᠢᠯᠢ ᠳᠠᠭᠠᠤ ᠮᠤᠵᠢ ᠣᠷᠣᠨ ᠤ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢᠨ ᠰᠢᠨ᠎ᠡ ᠲᠡᠮᠳᠡᠭᠯᠡᠯ ᠢ ᠡᠭᠦᠳᠪᠡ᠃      ᠭᠠᠭᠴᠠᠮᠣᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠭᠢᠯᠡᠭᠴᠢ ᠬᠢᠴᠢᠶᠡᠯᠲᠦ  ᠶᠢᠨ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠤᠯᠠᠨ ᠡᠰᠢᠲᠦ ᠲᠡᠭᠡᠭᠡᠪᠦᠷᠢ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠪᠠᠷᠠᠭ᠎ᠠ ᠶᠢᠨ ᠪᠣᠭᠤᠮᠲᠠ ᠥᠩᠭᠡᠷᠡᠬᠦ ᠬᠤᠷᠳᠤᠴᠠ ᠶᠡᠬᠡᠬᠡᠨ ᠲᠦᠷᠭᠡᠳᠦᠭᠰᠡᠨ ᠪᠠᠶᠢᠨ᠎ᠠ᠃ ᠡᠨᠡ ᠵᠢᠯ ᠤᠨ 12 ᠰᠠᠷ᠎ᠠ ᠶᠢᠨ 7 ᠤ ᠡᠳᠦᠷ ᠪᠤᠯᠲᠠᠯ᠎ᠠ᠂ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠨᠡᠶᠢᠲᠡ 3497.57 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 108.92% ᠢᠶᠠᠷ ᠨᠡᠮᠡᠭᠳᠡᠵᠦ᠂ ᠭᠠᠭᠴᠠ ᠡᠳᠦᠷ᠂ ᠭᠠᠭᠴᠠ ᠰᠠᠷ᠎ᠠ᠂ ᠪᠦᠭᠦ ᠵᠢᠯ ᠤᠨ ᠪᠠᠷᠠᠭ᠎ᠠ ᠥᠩᠭᠡᠷᠡᠭᠰᠡᠨ ᠬᠡᠮᠵᠢᠶ᠎ᠡ ᠴᠥᠮ ᠲᠡᠦᠬᠡ ᠶᠢᠨ ᠲᠡᠮᠳᠡᠭᠯᠡᠯ ᠢ ᠰᠢᠨᠡᠳᠬᠡᠪᠡ᠃      ︽ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠢᠯᠢ ᠶᠢᠨ ᠪᠣᠭᠤᠮᠲᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠬᠤ ᠶᠢ ᠳᠠᠭᠠᠯᠳᠤᠨ᠂ ︿ᠳᠤᠮᠳᠠᠳᠤ ᠤᠯᠤᠰ ᠤᠨ ᠦᠢᠯᠡᠳᠪᠦᠷᠢᠯᠡᠭᠰᠡᠨ﹀ ᠲᠣᠮᠣ ᠭᠡᠯᠪᠡᠷᠢ ᠶᠢᠨ ᠮᠠᠰᠢᠨ ᠲᠡᠷᠭᠡ᠂ ᠪᠠᠷᠢᠯᠭ᠎ᠠ ᠶᠢᠨ ᠪᠠᠭᠠᠵᠢ ᠬᠡᠷᠡᠭᠰᠡᠯ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ ᠪᠣᠯᠣᠨ ᠠᠮᠢᠳᠤᠷᠠᠯ ᠤᠨ ᠡᠳ᠋ ᠪᠣᠳᠠᠰ ᠵᠡᠷᠭᠡ ᠶᠢ ᠮᠣᠩᠭᠤᠯ ᠤᠯᠤᠰ ᠲᠤ ᠵᠠᠯᠭᠠᠭ᠎ᠠ ᠪᠠᠷ ᠬᠦᠷᠭᠡᠵᠦ ᠪᠠᠶᠢᠨ᠎ᠠ᠃ ᠡᠨᠡ ᠵᠢᠯ ᠠᠴᠠ ᠨᠠᠭᠠᠰᠢ᠂ ᠭᠠᠭᠴᠠᠮᠣᠳᠤ ᠬᠢᠯᠢ ᠶᠢᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠮᠠᠰᠢᠨ ᠲᠡᠷᠭᠡ 1200 ᠭᠠᠷᠤᠢ ᠪᠣᠯᠵᠤ᠂ ᠪᠠᠰᠠ ᠰᠢᠨ᠎ᠡ ᠰᠣᠷᠭᠤᠭ ᠵᠢᠮᠢᠰ ᠨᠣᠭᠤᠭ᠎ᠠ ᠶᠢᠨ ᠪᠣᠭᠤᠮᠲᠠ ᠥᠩᠭᠡᠷᠡᠬᠦ ᠲᠦᠷᠭᠡᠨ ᠵᠠᠮ ᠢ ᠨᠡᠭᠡᠭᠡᠵᠦ᠂ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠤᠯᠠᠮ ᠢᠶᠠᠷ ᠣᠯᠠᠨ ᠡᠰᠢᠵᠢᠵᠦ ᠪᠠᠶᠢᠨ᠎ᠠ︾ ᠭᠡᠵᠦ ᠭᠦᠭᠡᠬᠤᠲᠠ ᠪᠣᠭᠤᠮᠲᠠ ᠶᠢᠨ ᠬᠠᠷᠢᠶᠠᠨ ᠳᠠᠬᠢ ᠤᠷᠠᠳ ᠬᠢᠯᠢ ᠶᠢᠨ ᠪᠣᠭᠤᠮᠲᠠ ᠶᠢᠨ ᠠᠶᠠᠨᠴᠢᠳ ᠤᠨ ᠪᠠᠶᠢᠴᠠᠭᠠᠯᠲᠠ ᠶᠢᠨ ᠳᠠᠰᠤᠭ ᠤᠨ ᠳᠠᠷᠤᠭ᠎ᠠ ᠵᠦᠩ ᠴᠥᠩ ᠧᠨ ᠲᠠᠨᠢᠯᠴᠠᠭᠤᠯᠪᠠ᠃      2018 ᠣᠨ ᠳᠤ᠂ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 9000 ᠲᠦᠮᠡᠨ ᠲᠣᠨ ᠢ ᠳᠠᠪᠠᠵᠤ᠂ ᠬᠢᠵᠢᠭ ᠤᠨ ᠪᠠᠶᠢᠳᠠᠯ ᠤᠨ ᠨᠥᠯᠥᠭᠡ ᠪᠠᠷ ᠬᠡᠳᠦᠨ ᠵᠢᠯ ᠪᠠᠭᠤᠷᠠᠭᠰᠠᠨ ᠠᠴᠠ ᠲᠠᠭᠢᠨ ᠳᠡᠭᠡᠭᠰᠢᠯᠡᠵᠦ᠂ 2022 ᠣᠨ ᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 5842.2 ᠲᠦᠮᠡᠨ ᠲᠣᠨ ᠳᠤ ᠬᠦᠷᠴᠡᠢ᠃ 2022 ᠣᠨ ᠠᠴᠠ 2023 ᠣᠨ ᠪᠤᠯᠲᠠᠯᠠᠭᠢ ᠣᠬᠤᠷᠬᠠᠨ ᠨᠢᠭᠡ ᠵᠢᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠠᠢ᠂ ᠡᠨᠡ ᠨᠢ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠰᠢᠰᠲ᠋ᠧᠮ ᠤᠨ ᠴᠢᠬᠤᠯᠠ ᠡᠯᠧᠮᠧᠨ᠋ᠲ ᠤᠨ ᠲᠤᠯᠭᠠᠭᠤᠷᠢᠯᠠᠯ ᠢ ᠲᠥᠪᠯᠡᠷᠡᠭᠦᠯᠦᠨ᠂ ᠲᠡᠭᠡᠭᠡᠪᠦᠷᠢ ᠶᠢᠨ ᠬᠡᠮᠵᠢᠶ᠎ᠡ ᠶᠢᠨ ᠳᠡᠭᠡᠭᠰᠢᠯᠡᠯᠲᠡ ᠶᠢ ᠪᠠᠲᠤᠯᠠᠭᠰᠠᠨ ᠲᠠᠢ ᠨᠢᠭᠲᠠ ᠬᠤᠯᠪᠤᠭ᠎ᠠ ᠲᠠᠢ ᠶᠤᠮ᠃      ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠬᠢᠯᠢ  ᠶᠢᠨ ᠪᠣᠭᠤᠮᠲᠠ ᠶᠢᠨ ᠰᠢᠰᠲ᠋ᠧᠮ ᠤᠨ ᠬᠢᠨ ︽2023 ᠣᠨ ᠳᠤ ᠬᠢᠯᠢ ᠶᠢᠨ ᠪᠣᠭᠤᠮᠲᠠ ᠪᠠᠷ ᠣᠷᠣᠭᠤᠯᠵᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠠᠵᠢᠯ ᠤᠨ ᠲᠥᠰᠥᠯ︾ ᠢ ᠰᠤᠳᠤᠯᠤᠨ ᠲᠣᠭᠲᠠᠭᠠᠵᠤ᠂ ᠪᠦᠭᠦ ᠣᠷᠣᠨ ᠤ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠴᠢᠳᠠᠮᠵᠢ ᠶᠢ ᠪᠦᠭᠦᠨ ᠢ ᠰᠡᠷᠭᠦᠭᠡᠬᠦ ᠶᠢ ᠠᠭᠢᠭᠤᠯᠪᠠ; ᠤᠷᠭᠢᠯ ᠤᠨ ᠬᠤᠭᠤᠴᠠᠭ᠎ᠠ ᠶᠢ ᠤᠷᠲᠤᠳᠬᠠᠨ ᠪᠣᠭᠤᠮᠲᠠ ᠥᠩᠭᠡᠷᠡᠬᠦ᠂ ᠭᠠᠷᠠᠭ ᠤᠨ ᠰᠡᠭᠦᠯᠴᠢ ᠶᠢᠨ ᠪᠠᠴᠢᠮ ᠪᠠᠶᠢᠳᠠᠯ ᠢ ᠠᠷᠭᠠᠴᠠᠭᠠᠨ ᠪᠣᠭᠤᠮᠲᠠ ᠥᠩᠭᠡᠷᠡᠬᠦ᠂ ᠴᠢᠬᠤᠯᠠ ᠡᠳ᠋ ᠪᠣᠳᠠᠰ ᠤᠨ ︽ᠰᠠᠭᠠᠳ ᠦᠭᠡᠢ ᠨᠡᠪᠲᠡᠷᠡᠬᠦ ᠵᠠᠮ︾ ᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠮᠠᠨᠵᠤᠤᠷ ᠬᠢᠯᠢ ᠶᠢᠨ ᠪᠣᠭᠤᠮᠲᠠ ᠳᠤ ᠨᠢᠭᠡᠨᠲᠡ 24 ᠴᠠᠭ ᠤᠨ ᠪᠠᠷᠠᠭ᠎ᠠ ᠲᠡᠭᠡᠭᠡᠪᠦᠷᠢ ᠶᠢᠨ ᠪᠣᠭᠤᠮᠲᠠ ᠥᠩᠭᠡᠷᠡᠬᠦ ᠳᠦᠷᠢᠮ ᠢ ᠲᠤᠷᠰᠢᠨ ᠬᠡᠷᠡᠭᠵᠢᠭᠦᠯᠵᠦ᠂ ᠡᠷᠢᠶᠡᠨ ᠬᠢᠯᠢ ᠶᠢᠨ ᠪᠣᠭᠤᠮᠲᠠ ᠳᠤ ᠲᠤᠷᠰᠢᠨ ᠬᠡᠷᠡᠭᠵᠢᠭᠦᠯᠬᠦ ᠪᠠᠷ ᠪᠤᠢ; ᠬᠢᠯᠢ ᠶᠢᠨ ᠪᠣᠭᠤᠮᠲᠠ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃      ᠪᠦᠭᠦ ᠣᠷᠣᠨ ᠤ ᠬᠢᠯᠢ ᠶᠢᠨ ᠪᠣᠭᠤᠮᠲᠠ ᠶᠢᠨ 17 ᠵᠦᠢᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ 102 ᠵᠦᠢᠯ ᠤᠨ ᠴᠢᠬᠤᠯᠠ ᠶᠡᠭᠡ ᠢᠨᠵᠧᠨᠧᠷᠢᠩ ᠳᠤ ᠣᠷᠣᠭᠤᠯᠵᠤ᠂ ᠬᠢᠯᠢ ᠶᠢᠨ ᠪᠣᠭᠤᠮᠲᠠ ᠶᠢᠨ ᠴᠢᠳᠠᠮᠵᠢ ᠶᠢᠨ ᠳᠡᠭᠡᠭᠰᠢᠯᠡᠯᠲᠡ ᠪᠠᠷ ︽ᠬᠢᠯᠢ ᠶᠢᠨ ᠪᠣᠭᠤᠮᠲᠠ + ᠨᠡᠪᠲᠡᠷᠡᠬᠦ ᠵᠠᠮ + ᠠᠵᠤ ᠦᠢᠯᠡᠰ + ᠡᠳ᠋ ᠪᠠᠷᠠᠭᠠᠨ ᠤ ᠭᠦᠢᠯᠭᠡᠭᠡ︾ ᠤ ᠬᠤᠯᠪᠣᠯᠳᠤᠨ ᠬᠥᠭᠵᠢᠬᠦ ᠶᠢ ᠠᠬᠢᠭᠤᠯᠪᠠ᠃      ᠪᠣᠭᠤᠮᠲᠠ ᠥᠩᠭᠡᠷᠡᠬᠦ ᠵᠠᠭᠪᠤᠷ ᠤᠨ ᠰᠢᠨ᠎ᠡ ᠶᠢ ᠡᠭᠦᠳᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠨ᠎ᠠ      11 ᠰᠠᠷ᠎ᠠ ᠶᠢᠨ 2 ᠤᠨ ᠡᠳᠦᠷ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠠᠷᠢᠶᠠᠨ ᠳᠠᠬᠢ ᠴᠡᠭᠡ ᠬᠢᠯᠢ  ᠶᠢᠨ ᠪᠣᠭᠤᠮᠲᠠ ᠳᠤ᠂ ᠠᠦ᠋ᠲ᠋ᠣᠴᠢᠯᠠᠭᠰᠠᠨ ᠣᠶᠤᠨᠲᠤ ᠬᠦᠨᠳᠦ ᠠᠴᠢᠶᠠᠨ ᠤ ᠮᠠᠰᠢᠨ ᠨᠤᠭᠤᠳ ᠲᠣᠭᠲᠠᠭᠰᠠᠨ ᠵᠠᠮ ᠢᠶᠠᠷ ᠢᠶᠠᠨ ᠴᠡᠭᠡ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠪᠠᠷ ᠳᠠᠮᠵᠢᠨ ᠬᠢᠯᠢ ᠳᠤ ᠣᠷᠣᠵᠤ ᠢᠷᠡᠬᠦ ᠨᠢ ᠬᠠᠷᠠᠭᠳᠠᠨ᠎ᠠ᠃ 2022 ᠣᠨ ᠳᠤ᠂ ᠡᠨᠡ ᠬᠦ ᠥᠪᠥᠷ ᠮᠣᠩᠭᠤᠯ ᠤᠨ ᠭᠤᠷᠪᠠᠳᠤᠭᠠᠷ ᠶᠡᠭᠡ ᠬᠢᠯᠢ ᠶᠢᠨ ᠪᠣᠭᠤᠮᠲᠠ ᠳᠤ 9000 ᠲᠦᠮᠡᠨ ᠲᠥᠭᠦᠷᠢᠭ ᠤᠨ ᠪᠡᠯᠡ ᠣᠷᠣᠭᠤᠯᠵᠤ᠂ ︽ᠳᠤᠮᠳᠠᠳᠤ ᠤᠯᠤᠰ ᠤᠨ ᠠᠩᠬᠠᠳᠠᠭᠴᠢ ᠣᠶᠤᠨᠲᠤ ᠬᠦᠨᠳᠦ ᠠᠴᠢᠶᠠᠨ ᠤ ᠮᠠᠰᠢᠨ ᠲᠡᠷᠭᠡ︾ ᠶᠢᠨ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠥᠷᠥᠯ ᠵᠦᠢᠯ ᠢ ᠡᠬᠢᠯᠡᠭᠦᠯᠪᠡ᠃      ᠴᠡᠭᠡ ᠬᠢᠯᠢ ᠶᠢᠨ ᠪᠣᠭᠤᠮᠲᠠ ᠨᠢ ᠮᠣᠩᠭᠤᠯ ᠤᠯᠤᠰ ᠤᠨ ᠡᠮᠦᠨᠡᠭᠤᠪᠢ ᠠᠶᠢᠮᠠᠭ ᠤᠨ ᠰᠢᠪᠡᠭᠡ ᠬᠦᠷᠢᠶ᠎ᠡ ᠬᠢᠯᠢ  ᠶᠢᠨ ᠪᠣᠭᠤᠮᠲᠠ ᠲᠠᠢ ᠬᠠᠷᠢᠯᠴᠠᠨ ᠵᠣᠬᠢᠴᠠᠭᠤᠯᠵᠤ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢ ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠬᠦᠢᠰᠦ᠂ ᠠᠷᠠᠯᠵᠢᠶ᠎ᠠ ᠬᠤᠳᠠᠯᠳᠤᠭᠠᠨ ᠤ ᠲᠥᠪ᠂ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠭᠠᠵᠠᠷ ᠪᠠ ᠡᠬᠢ ᠪᠠᠶᠠᠯᠢᠭ ᠤᠨ ᠶᠡᠭᠡ ᠵᠠᠮ ᠪᠣᠯᠪᠠ᠃      ᠴᠡᠭᠡ ᠬᠢᠯᠢ ᠶᠢᠨ ᠪᠣᠭᠤᠮᠲᠠ 2018 ᠣᠨ ᠳᠤ ᠨᠢᠭᠡᠨᠲᠡ ︽ᠵᠢᠷᠭᠤᠭ᠎ᠠ ᠶᠢ ᠣᠷᠣᠭᠤᠯᠵᠤ ᠳᠥᠷᠪᠡ ᠶᠢ ᠭᠠᠷᠭᠠᠬᠤ︾ ᠪᠠᠷᠠᠭ᠎ᠠ ᠲᠡᠭᠡᠭᠡᠪᠦᠷᠢ ᠶᠢᠨ ᠨᠡᠪᠲᠡᠷᠡᠬᠦ ᠵᠠᠮ ᠤᠨ ᠣᠶᠤᠨᠲᠤ ᠬᠢᠯᠢ ᠶᠢᠨ ᠪᠣᠭᠤᠮᠲᠠ ᠶᠢᠨ ᠰᠢᠰᠲ᠋ᠧᠮ ᠢ ᠪᠦᠭᠦ ᠲᠠᠯ᠎ᠠ ᠪᠠᠷ ᠬᠡᠷᠡᠭᠯᠡᠵᠡᠢ᠂ ᠡᠨᠡ ᠪᠣᠯ ᠪᠦᠭᠦ ᠤᠯᠤᠰ ᠤᠨ ᠠᠩᠬᠠᠳᠠᠭᠴᠢ ᠤᠯᠠᠨ ᠤᠯᠤᠰ ᠤᠨ ᠠᠷᠠᠯᠵᠢᠶᠠᠨ ᠤ ︽ᠳᠠᠩ ᠴᠣᠩᠬᠤᠪᠴᠢ︾ ᠣᠶᠤᠨᠲᠤ ᠬᠢᠯᠢ ᠶᠢᠨ ᠪᠣᠭᠤᠮᠲᠠ ᠶᠢ ᠬᠢᠯᠢ ᠶᠢᠨ ᠪᠣᠭᠤᠮᠲᠠ ᠶᠢᠨ ᠬᠤᠶᠠᠳᠤᠭᠠᠷ ᠬᠤᠭᠤᠴᠠᠭᠠᠨ ᠤ ᠰᠢᠰᠲ᠋ᠧᠮ ᠳᠤ ᠵᠠᠯᠭᠠᠵᠤ ᠣᠷᠣᠭᠤᠯᠤᠭᠰᠠᠨ ᠬᠠᠭᠤᠷᠠᠢ ᠵᠠᠮ ᠤᠨ ᠬᠢᠯᠢ ᠶᠢᠨ ᠪᠣᠭᠤᠮᠲᠠ ᠪᠣᠯᠣᠨ᠎ᠠ᠃ ᠣᠶᠤᠨᠲᠤ ᠬᠢᠯᠢ  ᠶᠢᠨ ᠪᠣᠭᠤᠮᠲᠠ ᠵᠢᠩᠬᠢᠨᠢ ᠪᠠᠷ ᠠᠵᠢᠯᠯᠠᠭᠰᠠᠨ ᠤ ᠳᠠᠷᠠᠭ᠎ᠠ᠂ ᠪᠣᠭᠤᠮᠲᠠ ᠥᠩᠭᠡᠷᠡᠬᠦ ᠪᠦᠭᠦ ᠶᠠᠪᠤᠴᠠ ᠶᠢ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠪᠠᠷ ᠳᠡᠮᠵᠢᠨ ᠪᠡᠶᠡᠯᠡᠭᠦᠯᠵᠦ᠂ ᠬᠢᠯᠢ ᠪᠠᠷ ᠣᠷᠣᠵᠤ ᠭᠠᠷᠬᠤ ᠮᠠᠰᠢᠨ ᠲᠡᠷᠭᠡᠨ ᠤ ᠪᠣᠭᠤᠮᠲᠠ ᠥᠩᠭᠡᠷᠡᠬᠦ ᠬᠤᠷᠳᠤᠴᠠ ᠶᠢ ᠶᠡᠭᠡ ᠪᠠᠷ ᠳᠡᠭᠡᠭᠰᠢᠯᠡᠭᠦᠯᠵᠦ᠂ ᠠᠦ᠋ᠲ᠋ᠣᠴᠢᠯᠠᠨ ᠠᠵᠢᠯᠯᠠᠭᠤᠯᠵᠤ᠂ ᠣᠶᠤᠨᠴᠢ ᠪᠠᠷ ᠰᠢᠯᠭᠠᠨ ᠪᠠᠶᠢᠴᠠᠭᠠᠬᠤ ᠶᠢ ᠨᠢᠭᠡ ᠴᠣᠭᠴᠠᠵᠢᠭᠤᠯᠬᠤ᠂ ᠠᠯᠤᠰ ᠡᠵᠡᠮᠳᠡᠯ ᠢᠶᠠᠷ ᠵᠢᠯᠤᠭᠤᠳᠬᠤ ᠶᠢ ᠨᠢᠭᠡ ᠯᠡ ᠥᠷᠲᠡᠭᠡ ᠳᠤ ᠨᠡᠪᠲᠡᠷᠡᠭᠦᠯᠬᠦ ᠪᠣᠭᠤᠮᠲᠠ ᠶᠢᠨ ᠣᠶᠤᠨᠴᠢᠯᠠᠭᠰᠠᠨ ᠰᠢᠨ᠎ᠡ ᠵᠠᠭᠪᠤᠷ ᠢ ᠡᠭᠦᠳᠪᠡ᠃      ᠰᠢᠯᠭᠠᠨ ᠪᠠᠶᠢᠴᠠᠭᠠᠬᠤ ᠬᠤᠷᠳᠤᠴᠠ ᠶᠢ ᠴᠢᠨᠠᠭᠰᠢᠳᠠ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ ᠥᠷᠭᠡᠳᠬᠡᠬᠦ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠴᠡᠭᠡ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠬᠠᠷᠢᠶ᠎ᠠ ᠣᠷᠣᠨ ᠤ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠵᠢᠴᠢ ᠮᠣᠩᠭᠤᠯ ᠤᠯᠤᠰ ᠤᠨ ᠰᠢᠪᠡᠭᠡ ᠬᠦᠷᠢᠶ᠎ᠡ ᠬᠢᠯᠢ ᠶᠢᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠨᠢᠭᠡᠴᠢ ᠲᠠᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠤᠰ ᠤᠨ ᠪᠠᠷᠢᠮᠵᠢᠶ᠎ᠠ ᠪᠤᠯᠬᠤ ︽ᠳᠠᠩ ᠴᠣᠩᠬᠤᠪᠴᠢ︾ ᠶᠢ ᠵᠠᠯᠭᠠᠨ ᠬᠡᠷᠡᠭᠯᠡᠬᠦ ᠶᠢ ᠪᠦᠭᠦ ᠲᠠᠯ᠎ᠠ ᠪᠠᠷ ᠠᠬᠢᠭᠤᠯᠵᠤ᠂ ᠠᠷᠠᠯᠵᠢᠶᠠᠨ ᠤ ᠲᠤᠭ᠎ᠠ ᠪᠠᠷᠢᠮᠲᠠ ᠶᠢᠨ ᠬᠠᠮᠵᠢᠯᠴᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠳᠠᠩ ᠴᠣᠩᠬᠤᠪᠴᠢ ᠪᠠᠷ ᠡᠯᠧᠺᠲᠷᠣᠨᠴᠢᠯᠠᠨ ᠰᠢᠯᠭᠠᠨ ᠪᠠᠶᠢᠴᠠᠭᠠᠬᠤ ᠶᠢ ᠬᠡᠷᠡᠭᠵᠢᠭᠦᠯᠬᠦ᠂ ︽ᠠᠷᠪᠠ ᠶᠢ ᠣᠷᠣᠭᠤᠯᠵᠤ ᠵᠢᠷᠭᠤᠭ᠎ᠠ ᠶᠢ ᠭᠠᠷᠭᠠᠬᠤ︾ ᠨᠡᠭᠦᠷᠡᠰᠦ ᠲᠡᠭᠡᠭᠡᠪᠦᠷᠢᠯᠡᠬᠦ ᠨᠡᠪᠲᠡᠷᠡᠬᠦ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠪᠠᠷᠠᠭᠠᠨ ᠤ ᠬᠢᠨᠠᠯᠲᠠ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠲᠤ ︽ᠬᠢᠨᠠᠬᠤ ᠪᠠᠶᠢᠴᠠᠭᠠᠬᠤ ᠶᠢ ᠨᠢᠭᠡᠳᠬᠡᠬᠦ︾ᠠᠵᠢᠯ ᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠵᠤ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠭᠠᠭᠴᠠ ᠡᠳᠦᠷ ᠤᠨ ᠪᠠᠷᠠᠭ᠎ᠠ ᠥᠩᠭᠡᠷᠡᠬᠦ ᠬᠡᠮᠵᠢᠶ᠎ᠡ ᠪᠠ ᠨᠡᠶᠢᠲᠡ ᠪᠠᠷᠠᠭ᠎ᠠ ᠥᠩᠭᠡᠷᠡᠬᠦ ᠬᠡᠮᠵᠢᠶ᠎ᠡ ᠶᠢᠨ ᠲᠡᠦᠬᠡᠨ ︽ᠬᠤᠣᠰ ᠰᠢᠪᠲᠤᠯᠤᠯᠲᠠ︾ ᠶᠢ ᠪᠡᠶᠡᠯᠡᠭᠦᠯᠪᠡ᠃      ︽11 ᠰᠠᠷ᠎ᠠ ᠶᠢᠨ 2 ᠤᠨ ᠡᠳᠦᠷ ᠪᠤᠯᠲᠠᠯ᠎ᠠ᠂ ᠴᠡᠭᠡ ᠬᠢᠯᠢ ᠶᠢᠨ ᠪᠣᠭᠤᠮᠲᠠ ᠪᠠᠷ ᠥᠩᠭᠡᠷᠡᠭᠰᠡᠨ ᠪᠠᠷᠠᠭᠠᠨ ᠤ ᠬᠡᠮᠵᠢᠶ᠎ᠡ 1419.71 ᠲᠦᠮᠡᠨ ᠲᠣᠨ ᠳᠤ ᠬᠦᠷᠴᠦ᠂ ᠬᠢᠯᠢ ᠶᠢᠨ ᠪᠣᠭᠤᠮᠲᠠ ᠨᠡᠭᠡᠭᠡᠭᠰᠡᠨ 31 ᠵᠢᠯ ᠤᠨ ᠲᠤᠷᠰᠢᠬᠢ ᠲᠡᠮᠳᠡᠭᠯᠡᠯ ᠢ ᠰᠢᠨᠡᠳᠬᠡᠵᠡᠢ︾ ᠭᠡᠵᠦ ᠴᠡᠭᠡ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠢᠯᠢ ᠶᠢᠨ ᠪᠣᠭᠤᠮᠲᠠ ᠶᠢᠨ ᠬᠡᠷᠡᠭ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠪᠠᠶᠢᠭᠠᠯᠢ ᠲᠠᠨᠢᠯᠴᠠᠭᠤᠯᠪᠠ᠃      ᠬᠢᠯᠢ ᠶᠢᠨ ᠪᠣᠭᠤᠮᠲᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠬᠤᠯᠪᠣᠬᠤ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠳᠤ ᠵᠠᠩᠭᠢᠯᠠᠭ᠎ᠠ ᠶᠢᠨ ᠪᠠᠶᠢᠷᠢ ᠰᠠᠭᠤᠷᠢ ᠪᠠ ᠴᠢᠬᠤᠯᠠ ᠦᠨ᠎ᠡ ᠥᠷᠲᠡᠭ ᠲᠠᠢ ᠪᠠᠶᠢᠳᠠᠭ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠰᠢᠰᠲ᠋ᠧᠮ ᠤᠨ  ᠬᠢᠨ ᠪᠣᠭᠤᠮᠲᠠ ᠥᠩᠭᠡᠷᠡᠬᠦ ᠵᠠᠭᠪᠤᠷ ᠤᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠮᠤᠭ ᠤᠨ ᠰᠢᠯᠢᠳᠡᠭ ᠪᠣᠭᠤᠮᠲᠠ ᠥᠩᠭᠡᠷᠡᠬᠦ ᠵᠠᠭᠪᠤᠷ ᠢ ᠰᠣᠩᠭᠤᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠥᠭᠡᠳ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠭᠰᠠᠨ ᠪᠠᠶᠢᠨ᠎ᠠ᠃      ᠣᠳᠣᠬᠠᠨ ᠳᠤ᠂ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠣᠶᠤᠨᠴᠢᠯᠠᠯᠲᠠ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠢᠭᠡᠨᠲᠡ 11 ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠨᠡᠪᠲᠡᠷᠡᠬᠦ ᠵᠠᠮ ᠤᠨ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠢᠭᠡᠨᠲᠡ ᠮᠣᠩᠭᠤᠯ ᠤᠯᠤᠰ ᠤᠨ ᠬᠢᠯᠢ ᠶᠢᠨ ᠪᠣᠭᠤᠮᠲᠠ ᠯᠤᠭ᠎ᠠ ᠪᠠᠷᠠᠭ᠎ᠠ ᠠᠴᠢᠶᠠᠯᠠᠬᠤ ᠨᠠᠷᠢᠨ ᠲᠠᠩᠰᠠ ᠶᠢᠨ ᠡᠯᠧᠺᠲᠷᠣᠨ ᠳᠠᠮᠵᠢᠭᠤᠯᠭ᠎ᠠ ᠶᠢ ᠳᠡᠯᠭᠡᠷᠡᠭᠦᠯᠦᠨ ᠭᠡᠷᠡᠭᠯᠡᠪᠡ; ᠣᠯᠠᠨ ᠤᠯᠤᠰ ᠤᠨ ᠠᠷᠠᠯᠵᠢᠶ᠎ᠠ ︵ᠥᠪᠥᠷ ᠮᠣᠩᠭᠤᠯ︶ ᠶᠢᠨ ︽ᠳᠠᠩ ᠴᠣᠩᠬᠤᠪᠴᠢ︾ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠬᠤ ᠶᠢᠨ ᠬᠠᠮᠲᠤ ᠨᠢᠭᠡᠨᠲᠡ ᠠᠰᠢᠭᠯᠠᠯᠲᠠ ᠳᠤ ᠣᠷᠣᠭᠤᠯᠪᠠ; 14 ᠬᠢᠯᠢ ᠶᠢᠨ ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠳᠤ᠂ ᠬᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠬᠤ ᠭᠠᠵᠠᠷ ᠲᠤ ᠸᠢᠳᠢᠤ᠋ ᠬᠢᠨᠠᠨ ᠡᠵᠡᠮᠳᠡᠬᠦ ᠰᠢᠰᠲ᠋ᠧᠮ ᠢ ᠦᠨᠳᠦᠰᠦᠨ ᠳᠡᠭᠡᠨ ᠬᠠᠮᠤᠷᠴᠤ᠂ ᠦᠵᠡᠭᠳᠡᠮᠡᠯ ᠬᠢᠨᠠᠨ ᠬᠠᠮᠢᠶᠠᠷᠤᠯᠲᠠ᠂ ᠣᠶᠤᠨᠴᠢᠯᠠᠭᠰᠠᠨ ᠬᠠᠮᠢᠶᠠᠷᠤᠯᠲᠠ᠂ ᠬᠠᠪᠲᠠᠭᠠᠶᠢᠷᠠᠭᠰᠠᠨ ᠵᠢᠯᠤᠭᠤᠳᠬᠤ ᠴᠢᠳᠠᠪᠤᠷᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ; ᠬᠢᠯᠢ ᠶᠢᠨ ᠪᠣᠭᠤᠮᠲᠠ ᠶᠢᠨ ᠣᠶᠤᠨᠴᠢᠯᠠᠭᠰᠠᠨ᠂ ᠮᠧᠬᠠᠨᠢᠭᠴᠢᠯᠠᠭᠰᠠᠨ ᠠᠵᠢᠯ ᠤᠨ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠡᠷᠢᠶᠡᠨ ᠬᠤᠲᠠ᠂ ᠭᠠᠭᠴᠠᠮᠣᠳᠤ᠂ ᠴᠡᠭᠡ᠂ ᠮᠠᠨᠳᠤᠯ᠎ᠠ ᠵᠡᠷᠭᠡ ᠬᠢᠯᠢ ᠶᠢᠨ ᠪᠣᠭᠤᠮᠲᠠ ᠶᠢᠨ ᠬᠢᠨ ᠣᠶᠤᠨᠲᠤ ᠪᠠᠷᠠᠭᠠᠨ ᠤ ᠭᠦᠢᠯᠭᠡᠭᠡ ᠶᠢᠨ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠪᠠᠶᠢᠨ᠎ᠠ᠃      2023 ᠣᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠠᠴᠠ 4000 ᠲᠦᠮᠡᠨ ᠲᠥᠭᠦᠷᠢᠭ ᠲᠣᠬᠢᠷᠠᠭᠤᠯᠤᠨ ᠥᠪᠥᠷ ᠮᠣᠩᠭᠤᠯ ᠤᠨ ᠣᠶᠤᠨᠲᠤ ᠬᠢᠯᠢ ᠶᠢᠨ ᠪᠣᠭᠤᠮᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠡᠯᠡ ᠮᠥᠩᠭᠦ ᠪᠠᠷ ᠭᠤᠣᠯᠳᠠᠭᠤ ᠠᠮᠤᠷ ᠲᠦᠪᠰᠢᠨ᠂ ᠥᠨᠳᠥᠷ ᠪᠦᠲᠦᠮᠵᠢᠲᠡᠶ᠂ ᠪᠣᠬᠢᠷᠳᠤᠯ ᠦᠭᠡᠢ᠂ ᠣᠶᠤᠨᠲᠤ ᠣᠳᠣᠬᠢᠴᠢᠯᠠᠭᠰᠠᠨ ᠬᠢᠯᠢ ᠶᠢᠨ ᠪᠣᠭᠤᠮᠲᠠ ᠪᠠᠶᠢᠭᠤᠯᠬᠤ ᠶᠢ ᠳᠡᠮᠵᠢᠪᠡ᠃ ᠣᠳᠣᠬᠠᠨ ᠳᠤ᠂ ᠭᠠᠭᠴᠠᠮᠣᠳᠤ᠂ ᠴᠡᠭᠡ ᠬᠢᠯᠢ ᠶᠢᠨ ᠪᠣᠭᠤᠮᠲᠠ ᠶᠢᠨ ᠬᠢᠨ ᠠᠦ᠋ᠲ᠋ᠣ᠋ ᠬᠢᠯᠢ ᠠᠯᠤᠰᠯᠠᠭᠰᠠᠨ ᠲᠡᠭᠡᠭᠡᠪᠦᠷᠢ ᠶᠢ ᠠᠮᠵᠢᠯᠲᠠ ᠲᠠᠢ ᠲᠤᠷᠰᠢᠨ ᠠᠵᠢᠯᠯᠠᠭᠤᠯᠵᠤ᠂ ᠡᠷᠢᠶᠡᠨ ᠬᠤᠳᠠ ᠶᠢᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ TIR ᠭᠠᠳᠠᠭᠠᠳᠤ ᠣᠷᠣᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠦᠭᠦ ᠤᠯᠤᠰ ᠤᠨ ᠲᠡᠷᠢᠭᠦᠨ ᠳᠤ ᠣᠷᠣᠵᠠᠢ᠃ ᠡᠭᠦᠨ ᠤ ᠬᠠᠮᠲᠤ᠂ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠰᠢᠰᠲ᠋ᠧᠮ ᠤᠨ ᠬᠢᠨ ︽ᠪᠦᠭᠦ ᠣᠷᠣᠨ ᠳᠤ ᠨᠢᠭᠡ ᠶᠡᠷᠦᠩᠬᠡᠢ ᠲᠥᠰᠥᠯ᠂ ᠡᠯ᠎ᠡ ᠬᠢᠯᠢ ᠶᠢᠨ ᠪᠣᠭᠤᠮᠲᠠ ᠳᠤ ᠨᠢᠭᠡ ᠬᠤᠪᠢᠶᠠᠷᠢ ᠲᠥᠰᠥᠯ︾ ᠤᠨ ᠵᠠᠷᠴᠢᠮ ᠢ ᠪᠠᠷᠢᠮᠲᠠᠯᠠᠵᠤ᠂ ᠣᠳᠣᠬᠠᠨ ᠳᠤ ᠨᠢᠭᠡᠨᠲᠡ ᠡᠷᠢᠶᠡᠨ ᠬᠤᠲᠠ᠂ ᠮᠠᠨᠵᠤᠤᠷ ᠤᠨ 2 ᠣᠶᠤᠨᠲᠤ ᠬᠢᠯᠢ ᠶᠢᠨ ᠪᠣᠭᠤᠮᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠪᠠᠷᠢᠮᠵᠢᠶᠠᠵᠢᠭᠤᠯᠬᠤ᠂ ᠨᠠᠷᠢᠯᠢᠭ ᠣᠨᠣᠴᠠᠲᠠᠢ ᠪᠤᠯᠭᠠᠬᠤ ᠶᠢ ᠦᠨᠡᠨ ᠬᠦ ᠪᠠᠲᠤᠯᠠᠪᠠ᠃      ︽2025 ᠣᠨ ᠪᠤᠯᠳᠠᠯ᠎ᠠ᠂ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠡᠯ᠎ᠡ ᠭᠤᠣᠯ ᠴᠣᠭᠴᠠ ᠶᠢᠨ ᠬᠤᠭᠤᠷᠣᠨᠳᠣᠭᠢ ᠣᠶᠤᠨᠲᠤ ᠬᠤᠯᠪᠣᠭᠠᠯᠠᠯ᠂ ᠬᠠᠷᠢᠯᠴᠠᠨ ᠬᠤᠯᠪᠣᠯᠳᠤᠬᠤ᠂ ᠥᠨᠳᠥᠷ ᠪᠦᠲᠦᠮᠵᠢᠲᠡᠢ ᠠᠵᠢᠯᠯᠠᠬᠤ ᠰᠠᠶᠢᠨ ᠰᠠᠶᠢᠬᠠᠨ ᠠᠮᠢ ᠠᠬᠤᠢ ᠶᠢ ᠠᠩᠬ᠎ᠠ ᠠᠯᠬᠤᠮ ᠪᠦᠷᠢᠯᠳᠦᠭᠦᠯᠦᠨ᠎ᠡ᠃ ᠶᠡᠷᠦᠩᠬᠡᠶᠢᠯᠡᠭᠰᠡᠨ ᠬᠦᠢᠰᠦ ᠬᠢᠯᠢ ᠶᠢᠨ ᠪᠣᠭᠤᠮᠲᠠ ᠶᠢᠨ ᠣᠶᠤᠨᠲᠤ ᠬᠢᠯᠢ ᠶᠢᠨ ᠪᠣᠭᠤᠮᠲᠠ ᠪᠤᠯᠭᠠᠬᠤ ᠶᠢ ᠦᠨᠳᠦᠰᠦᠨ ᠳᠡᠭᠡᠨ ᠪᠠᠶᠢᠭᠤᠯᠵᠤ᠂ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠣᠭᠤᠮᠲᠠ ᠶᠢᠨ ᠲᠤᠨᠤᠭ ᠲᠥᠬᠦᠭᠡᠷᠦᠮᠵᠢ ᠶᠢᠨ ᠣᠶᠤᠨᠴᠢᠯᠠᠭᠰᠠᠨ ᠮᠡᠳᠡᠭᠡ ᠵᠠᠩᠭᠢᠵᠢᠯᠲᠠ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢ ᠲᠣᠭᠠᠴᠢᠯᠠᠬᠤ᠂ ᠶᠡᠷᠦᠩᠬᠡᠶᠢᠯᠡᠭᠰᠡᠨ ᠦᠢᠯᠡᠴᠢᠯᠡᠭᠡ ᠶᠢ ᠳᠥᠭᠦᠮᠴᠢᠯᠡᠬᠦ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠵᠤ᠂ ᠬᠢᠯᠢ ᠶᠢᠨ ᠪᠣᠭᠤᠮᠲᠠ ᠶᠢᠨ ᠨᠡᠪᠲᠡᠷᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ︾ ᠭᠡᠵᠦ ᠥᠪᠥᠷ ᠮᠣᠩᠭᠤᠯ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠣᠷᠣᠨ ᠪᠦᠰᠡ ᠶᠢᠨ ᠬᠠᠮᠲᠤᠷᠠᠯᠴᠠᠭ᠎ᠠ ᠪᠠ ᠮᠡᠳᠡᠭᠡ ᠵᠠᠩᠭᠢᠵᠢᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠨ᠎ᠠ᠃      ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠳᠤ ᠦᠢᠯᠡᠴᠢᠯᠡᠵᠦ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠤᠨ᠎ᠠ      11 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠮᠠᠨᠵᠤᠤᠷ ᠤᠨ ᠣᠯᠠᠨ ᠤᠯᠤᠰ ᠤᠨ ᠴᠢᠩᠭᠡᠯᠢᠭ ᠤᠨ ᠪᠠᠷᠠᠭᠠᠨ ᠤ ᠲᠠᠯᠠᠪᠠᠶ ᠳᠤ᠂  ᠪᠠᠷᠠᠭ᠎ᠠ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠲᠣᠭᠤᠷᠢᠯᠲᠠ ᠶᠢᠨ ᠵᠠᠮ ᠳᠡᠭᠡᠷ᠎ᠡ ᠵᠣᠭᠰᠣᠵᠤ᠂ ᠪᠦᠳᠦᠭᠦᠨ ᠲᠣᠮᠣ ᠳᠡᠭᠦᠵᠢᠯᠡᠭᠦᠷ ᠨᠢ ᠴᠢᠩᠭᠡᠯᠢᠭ ᠢ ᠳᠡᠭᠦᠵᠢᠯᠡᠵᠦ ᠡᠮᠬᠢ ᠵᠢᠷᠤᠮ ᠲᠠᠢ ᠠᠵᠢᠯᠯᠠᠨ᠎ᠠ᠃ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠯᠭᠠᠨ ᠪᠠᠶᠢᠴᠠᠭᠠᠬᠤ ᠲᠣᠭᠤᠷᠢᠭ ᠲᠤ ᠣᠷᠣᠬᠤ ᠳᠤ᠂ ᠳᠡᠯᠡᠬᠡᠢ ᠶᠢᠨ ᠡᠯ᠎ᠡ ᠭᠠᠵᠠᠷ ᠠᠴᠠ ᠢᠷᠡᠭᠰᠡᠨ ᠴᠢᠩᠭᠡᠯᠢᠭ ᠢ ᠲᠡᠷᠢ ᠲᠡᠭᠰᠢ ᠲᠠᠯᠪᠢᠵᠤ᠂ ᠮᠠᠨᠵᠤᠤᠷ ᠬᠢᠯᠢ ᠶᠢᠨ ᠪᠣᠭᠤᠮᠲᠠ ᠶᠢᠨ ᠰᠢᠯᠭᠠᠨ ᠪᠠᠶᠢᠴᠠᠭᠠᠬᠤ ᠠᠵᠢᠯᠲᠠᠳ ᠶᠠᠭ ᠡᠮᠬᠢ ᠳᠠᠷᠠᠭᠠᠯᠠᠯ ᠲᠠᠢ ᠪᠠᠷ ᠴᠢᠩᠭᠡᠯᠢᠭ ᠢ ᠨᠡᠭᠡᠭᠡᠵᠦ ᠪᠠᠶᠢᠴᠠᠭᠠᠨ ᠦᠵᠡᠨ᠎ᠡ᠃      ︽10 ᠵᠢᠯ ᠤᠨ ᠲᠤᠷᠰᠢ᠂ ᠪᠢᠳᠡ ᠮᠡᠳᠡᠭᠡ ᠵᠠᠩᠭᠢᠵᠢᠯᠲᠠ᠂ ᠲᠣᠭᠠᠴᠢᠯᠠᠯᠲᠠ᠂ ᠣᠶᠤᠨᠴᠢᠯᠠᠯᠲᠠ ᠶᠢᠨ ᠣᠶᠢᠯᠠᠭᠠᠭᠳᠠᠬᠤᠨ ᠢ ᠬᠢᠨᠠᠨ ᠬᠠᠮᠢᠶᠠᠷᠬᠤ ᠠᠵᠢᠯ ᠳᠤ ᠲᠠᠰᠤᠷᠠᠯᠲᠠ ᠦᠭᠡᠢ ᠠᠭᠤᠰᠤᠯᠴᠠᠭᠤᠯᠪᠠ᠃ ᠣᠲᠣ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ︿ᠴᠠᠭᠠᠰᠤ ᠬᠡᠷᠡᠭᠯᠡᠬᠦ ᠦᠭᠡᠢ﹀ ᠴᠠᠭ ᠦᠶ᠎ᠡ ᠳᠤ ᠣᠷᠣᠭᠰᠠᠨ ᠢᠶᠠᠷ ᠪᠠᠷᠠᠬᠤ ᠦᠭᠡᠢ᠂ ᠪᠢᠳᠡ ᠪᠠᠰᠠ ᠬᠢᠯᠢ ᠶᠢᠨ ᠪᠣᠭᠤᠮᠲᠠ᠂ ᠲᠡᠮᠦᠷ ᠵᠠᠮ᠂ ᠡᠵᠡᠩᠨᠡᠯᠲᠡ ᠶᠢᠨ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠬᠤᠯᠪᠣᠭᠠᠯᠠᠵᠤ᠂ ᠬᠢᠯᠢ ᠶᠢᠨ ᠪᠣᠭᠤᠮᠲᠠ ᠳᠤ ᠰᠢᠯᠵᠢᠭᠦᠯᠬᠦ ᠪᠠᠷ ᠭᠤᠶᠤᠴᠢᠯᠠᠬᠤ ᠭᠤᠭᠴᠤᠭ᠎ᠠ ᠶᠢ ᠪᠠᠭᠠᠰᠬᠠᠵᠤ᠂ ᠡᠳ᠋ ᠪᠠᠷᠠᠭ᠎ᠠ ᠶᠢᠨ ᠠᠴᠢᠶᠠᠯᠠᠵᠤ ᠪᠠᠭᠤᠯᠭᠠᠬᠤ ᠪᠠ ᠬᠥᠮᠥᠷᠭᠡᠯᠡᠨ ᠬᠠᠳᠠᠭᠠᠯᠠᠬᠤ ᠵᠠᠷᠤᠳᠠᠯ ᠢ ᠪᠠᠭᠤᠷᠠᠭᠤᠯᠪᠠ︾ ᠭᠡᠵᠦ ᠮᠠᠨᠵᠤᠤᠷ ᠬᠢᠯᠢ ᠶᠢᠨ ᠪᠣᠭᠤᠮᠲᠠ ᠶᠢᠨ ᠬᠠᠷᠢᠶᠠᠨ ᠳᠠᠬᠢ ᠮᠠᠨᠵᠤᠤᠷ ᠤᠨ ᠲᠡᠷᠭᠡᠨ ᠥᠷᠲᠡᠭᠡᠨ ᠤ ᠬᠢᠯᠢ ᠶᠢᠨ ᠪᠣᠭᠤᠮᠲᠠ ᠶᠢᠨ ᠰᠢᠯᠭᠠᠨ ᠪᠠᠶᠢᠴᠠᠭᠠᠬᠤ ᠨᠢᠭᠡᠳᠦᠭᠡᠷ ᠰᠠᠯᠠᠭ᠎ᠠ ᠶᠢᠨ ᠳᠠᠷᠤᠭ᠎ᠠ ᠶᠣᠣ ᠸᠧᠨ ᠯᠦᠩ ᠰᠢᠯᠭᠠᠨ ᠪᠠᠶᠢᠴᠠᠭᠠᠬᠤ ᠠᠵᠢᠯ ᠬᠢᠬᠦ ᠶᠢᠨ ᠳᠠᠭᠠᠤ ᠲᠠᠨᠢᠯᠴᠠᠭᠤᠯᠪᠠ᠃      10 ᠵᠢᠯ ᠤᠨ ᠬᠤᠭᠤᠴᠠᠭᠠᠨ ᠳᠤ᠂ ᠬᠢᠯᠢ ᠶᠢᠨ ᠪᠣᠭᠤᠮᠲᠠ ᠶᠢᠨ ᠶᠡᠭᠡ ᠵᠠᠮ ᠤᠨ ᠳᠥᠭᠦᠮ ᠳᠥᠲᠡ ᠪᠥᠭᠡᠳ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ᠮᠠᠨᠵᠤᠤᠷ ᠬᠢᠯᠢ ᠶᠢᠨ ᠪᠣᠭᠤᠮᠲᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠡᠮᠦᠷ ᠵᠠᠮ ᠤᠨ ᠣᠯᠠᠨ ᠤᠯᠤᠰ ᠤᠨ ᠪᠠᠷᠠᠭᠠᠨ ᠤ ᠰᠢᠨ᠎ᠡ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠴᠢᠩᠭᠡᠯᠢᠭ ᠢ ᠲᠤᠰᠬᠠᠢ ᠭᠦᠢᠴᠡᠳᠬᠡᠬᠦ ᠥᠷᠲᠡᠭᠡ᠂ ᠨᠡᠭᠦᠷᠡᠰᠦ ᠶᠢ ᠰᠤᠯᠠ ᠰᠠᠪᠠᠯᠠᠬᠤ ᠪᠠᠷᠠᠭᠠᠨ ᠤ ᠲᠠᠯᠠᠪᠠᠶ᠂ ᠬᠦᠳᠡᠷ ᠰᠠᠪᠠᠯᠠᠬᠤ ᠪᠠᠷᠠᠭᠠᠨ ᠤ ᠲᠠᠯᠠᠪᠠᠶ ᠵᠡᠷᠭᠡ ᠲᠤᠰᠬᠠᠢ ᠪᠠᠷᠠᠭᠠᠨ ᠤ ᠲᠠᠯᠠᠪᠠᠶ ᠶᠢ ᠡᠬᠢᠯᠡᠨ ᠬᠡᠷᠡᠭᠯᠡᠵᠦ᠂ ᠲᠡᠮᠦᠷ ᠵᠠᠮ ᠤᠨ ᠵᠢᠯ ᠤᠨ ᠰᠣᠯᠢᠵᠤ ᠠᠴᠢᠶᠠᠯᠠᠬᠤ ᠴᠢᠳᠠᠪᠤᠷᠢ ᠶᠢ 3000 ᠲᠦᠮᠡᠨ ᠲᠣᠨ ᠪᠠᠶᠢᠭᠰᠠᠨ ᠠᠴᠠ 4000 ᠲᠦᠮᠡᠨ ᠲᠣᠨ ᠪᠣᠯᠭᠠᠨ ᠳᠡᠭᠡᠭᠰᠢᠯᠡᠭᠦᠯᠪᠡ᠃ ᠡᠭᠦᠨ ᠤ ᠬᠠᠮᠲᠤ ᠵᠠᠰᠠᠮᠠᠯ ᠵᠠᠮ ᠤᠨ ᠪᠣᠭᠤᠮᠲᠠ ᠶᠢᠨ ᠴᠢᠳᠠᠮᠵᠢ ᠪᠠᠨ ᠥᠷᠭᠡᠳᠬᠡᠨ ᠲᠠᠰ ᠳᠡᠪᠰᠢᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠪᠣᠭᠤᠮᠲᠠ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠵᠢᠯ ᠤᠨ ᠪᠣᠭᠤᠮᠲᠠ ᠪᠠᠷ ᠥᠩᠭᠡᠷᠡᠬᠦ ᠴᠢᠳᠠᠪᠤᠷᠢ ᠶᠢ 1000 ᠲᠦᠮᠡᠨ ᠬᠥᠮᠥᠨ ᠤᠳᠠᠭ᠎ᠠ᠂ 100 ᠲᠦᠮᠡᠨ ᠲᠡᠷᠭᠡ ᠤᠳᠠᠭ᠎ᠠ ᠪᠣᠯᠭᠠᠨ ᠳᠡᠭᠡᠭᠰᠢᠯᠡᠭᠦᠯᠪᠡ᠃      ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠳᠤ ᠵᠡᠭᠦᠨ᠂ ᠳᠤᠮᠳᠠ᠂ ᠪᠠᠷᠠᠭᠤᠨ ᠭᠤᠷᠪᠠᠨ ᠭᠤᠣᠯ ᠪᠤᠯᠬᠤ ᠲᠡᠭᠡᠭᠡᠪᠦᠷᠢ ᠶᠢᠨ ᠶᠡᠭᠡ ᠵᠠᠮ ᠪᠤᠢ᠂ ᠡᠭᠦᠨ ᠳᠤ ᠥᠪᠥᠷ ᠮᠣᠩᠭᠤᠯ ᠤᠨ ᠮᠠᠨᠵᠤᠤᠷ ᠬᠢᠯᠢ ᠶᠢᠨ ᠪᠣᠭᠤᠮᠲᠠ ᠪᠣᠯᠣᠨ ᠡᠷᠢᠶᠡᠨ ᠬᠢᠯᠢ ᠶᠢᠨ ᠪᠣᠭᠤᠮᠲᠠ ᠨᠢ ᠲᠤᠰ ᠲᠤᠰ ᠵᠡᠭᠦᠨ ᠪᠠ ᠳᠤᠮᠳᠠ ᠵᠠᠮ ᠤᠨ ᠭᠤᠣᠯ ᠪᠤᠯᠬᠤ ᠬᠢᠯᠢ ᠪᠠᠷ ᠣᠷᠣᠵᠤ ᠭᠠᠷᠬᠤ ᠪᠣᠭᠤᠮᠲᠠ ᠪᠣᠯᠣᠨ᠎ᠠ᠃      ᠣᠳᠣᠬᠠᠨ ᠳᠤ᠂ ᠮᠠᠨᠵᠤᠤᠷ ᠢᠶᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 57 ᠵᠤᠷᠪᠤᠰ ᠪᠠᠶᠢᠵᠤ᠂ ᠤᠯᠤᠰ ᠤᠨ ᠳᠣᠲᠣᠭᠠᠳᠤ ᠶᠢᠨ ᠭᠠᠯᠲᠤ ᠲᠡᠷᠭᠡ ᠶᠢᠨ ᠡᠭᠢᠯᠡᠯᠳᠠ ᠶᠢᠨ ᠭᠠᠵᠠᠷ 60 ᠭᠠᠷᠤᠢ ᠬᠤᠲᠠ ᠶᠢ ᠪᠦᠷᠬᠦᠵᠦ᠂ 13 ᠤᠯᠤᠰ ᠤᠨ 28 ᠬᠤᠲᠠ ᠶᠢ ᠨᠥᠯᠥᠭᠡᠯᠡᠵᠦ ᠪᠠᠶᠢᠨ᠎ᠠ; ᠡᠷᠢᠶᠡᠨ ᠬᠤᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠱᠤᠭᠤᠮ 63 ᠵᠤᠷᠪᠤᠰ ᠪᠠᠶᠢᠵᠤ᠂ ᠤᠯᠤᠰ ᠤᠨ ᠳᠣᠲᠣᠭᠠᠳᠤ ᠶᠢᠨ ᠭᠠᠯᠲᠤ ᠲᠡᠷᠭᠡ ᠶᠢᠨ ᠡᠭᠢᠯᠡᠯᠳᠠ ᠶᠢᠨ ᠭᠠᠵᠠᠷ 60 ᠭᠠᠷᠤᠢ ᠬᠤᠲᠠ ᠪᠠᠶᠢᠵᠤ᠂ 10 ᠭᠠᠷᠤᠢ ᠤᠯᠤᠰ ᠤᠨ 60 ᠭᠠᠷᠤᠢ ᠬᠤᠲᠠ ᠶᠢ ᠨᠥᠯᠥᠭᠡᠯᠡᠵᠦ ᠪᠠᠶᠢᠳᠠᠭ᠃      ᠮᠠᠨᠵᠤᠤᠷ᠂ ᠡᠷᠢᠶᠡᠨ ᠬᠤᠶᠠᠷ ᠬᠢᠯᠢ ᠶᠢᠨ ᠪᠣᠭᠤᠮᠲᠠ ᠶᠢᠨ ᠬᠢᠯᠢ ᠪᠠᠷ ᠥᠩᠭᠡᠷᠡᠬᠦ ᠵᠢᠰᠢᠶᠠᠨ ᠤ ᠭᠠᠯᠲᠤ ᠲᠡᠷᠭᠡ  ᠨᠢ ᠪᠦᠭᠦ ᠤᠯᠤᠰ ᠤᠨ ᠶᠡᠷᠦᠩᠬᠡᠢ ᠲᠣᠭᠠᠨ ᠤ 40% ᠶᠢ ᠡᠵᠡᠯᠡᠵᠦ᠂ ᠭᠠᠳᠠᠭᠠᠳᠤ ᠠᠴᠠ ᠣᠷᠣᠭᠤᠯᠤᠭᠰᠠᠨ ᠲᠠᠸᠠᠷ ᠲᠤ ᠬᠠᠪᠲᠠᠰᠤ᠂ ᠪᠦᠬᠦᠯᠢ ᠮᠣᠳᠣ᠂ ᠴᠠᠭᠠᠰᠤᠨ ᠡᠭᠡᠳᠡᠩ᠂ ᠬᠤᠪᠴᠠᠰᠤ ᠬᠤᠨᠠᠷ᠂ ᠮᠠᠰᠢᠨ ᠴᠠᠭᠢᠯᠭᠠᠨ ᠤ ᠦᠢᠯᠡᠳᠬᠦᠨ᠂ ᠮᠠᠰᠢᠨ ᠲᠡᠷᠭᠡ ᠵᠢᠴᠢ ᠰᠡᠯᠪᠢᠭ ᠲᠣᠨᠤᠭ ᠵᠡᠷᠭᠡ 1000 ᠭᠠᠷᠤᠢ ᠲᠥᠷᠥᠯ ᠢ ᠪᠠᠭᠲᠠᠭᠠᠵᠤ᠂ ᠭᠠᠳᠠᠭᠠᠳᠤ ᠳᠤ ᠭᠠᠷᠭᠠᠬᠤ ᠲᠠᠸᠠᠷ ᠲᠤ ᠭᠤᠣᠯᠳᠠᠭᠤ ᠮᠠᠰᠢᠨ ᠲᠡᠷᠭᠡ ᠵᠢᠴᠢ ᠰᠡᠯᠪᠢᠭ ᠲᠣᠨᠤᠭ᠂ ᠠᠵᠤ ᠦᠢᠯᠡᠳᠪᠦᠷᠢ ᠶᠢᠨ ᠮᠠᠰᠢᠨ ᠮᠧᠬᠠᠨᠢᠭ᠂ ᠬᠤᠪᠴᠠᠰᠤ ᠬᠤᠨᠠᠷ ᠪᠦᠷᠢᠨ ᠪᠠᠷᠠᠭ᠎ᠠ ᠵᠡᠷᠭᠡ 5 ᠲᠦᠮᠡ ᠭᠠᠷᠤᠢ ᠲᠥᠷᠥᠯ ᠵᠦᠢᠯ ᠪᠠᠭᠲᠠᠵᠤ᠂ ᠤᠯᠤᠰ ᠤᠨ ᠭᠠᠳᠠᠭᠠᠳᠤ ᠭᠠᠷᠭᠠᠯᠲᠠ ᠶᠢ ᠨᠡᠮᠡᠭᠳᠡᠭᠦᠯᠬᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠬᠠᠮᠠᠭᠠᠯᠠᠪᠠ᠃      ᠠᠷᠪᠠᠨ ᠵᠢᠯ ᠤᠨ ᠲᠤᠷᠰᠢ᠂ ᠥᠪᠥᠷ ᠮᠣᠩᠭᠤᠯ ᠨᠢᠭᠡᠨᠲᠡ 152 ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠠᠷᠠᠯᠵᠢᠶᠠᠨ ᠤ ᠶᠠᠪᠤᠯᠴᠠᠭ᠎ᠠ ᠥᠷᠨᠢᠭᠦᠯᠵᠦ᠂ ᠠᠷᠠᠯᠵᠢᠶᠠᠨ ᠤ ᠬᠡᠪᠴᠢᠶ᠎ᠡ ᠶᠠᠪᠤᠬᠤ ᠳᠤᠳᠤᠮ ᠥᠷᠭᠡᠳᠴᠦ᠂ ᠠᠷᠠᠯᠵᠢᠶᠠᠨ ᠤ ᠥᠷᠲᠡᠭ 2013 ᠣᠨ ᠳᠤ 535 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠡᠨᠡ ᠵᠢᠯ ᠤᠨ ᠲᠦᠷᠦᠭᠦᠦ 10 ᠰᠠᠷ᠎ᠠ ᠳᠤ 1187.9 ᠳ᠋ᠦᠩᠰᠢᠭᠤᠷ ᠲᠥᠭᠦᠷᠢᠭ ᠪᠣᠯᠣᠨ ᠳᠡᠭᠡᠭᠰᠢᠯᠡᠪᠡ᠃ ᠡᠨᠡ ᠵᠢᠯ ᠤᠨ ᠲᠦᠷᠦᠭᠦᠦ 10 ᠰᠠᠷ᠎ᠠ ᠳᠤ᠂ ᠥᠪᠥᠷ ᠮᠣᠩᠭᠤᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠤᠷᠳᠤᠴᠠ ᠨᠢ ᠪᠦᠬᠦᠯᠢ ᠴᠣᠭᠴᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 10.1 ᠬᠤᠪᠢ ᠥᠨᠳᠥᠷ ᠪᠣᠯᠪᠠ᠃      ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠨᠢᠭᠡ ᠪᠦᠰᠡ ᠨᠢᠭᠡ ᠵᠠᠮ ᠤᠨ ᠰᠤᠳᠤᠯᠭᠠᠨ ᠤ ᠭᠠᠵᠠᠷ ᠤᠨ ᠳᠠᠷᠤᠭ᠎ᠠ ᠹᠠᠨ ᠯᠢ ᠵᠢᠶᠦ᠋ᠨ᠄︽ᠥᠪᠥᠷ ᠮᠣᠩᠭᠤᠯ ᠣᠳᠣᠬᠠᠨ ᠳᠤ ᠨᠢᠭᠡᠨᠲᠡ ︿ᠨᠢᠭᠡ ᠪᠦᠰᠡ ᠨᠢᠭᠡ ᠵᠠᠮ﹀ ᠳᠠᠭᠠᠤ ᠤᠯᠤᠰ ᠲᠤ ᠨᠥᠯᠥᠭᠡᠯᠡᠬᠦ ᠬᠦᠴᠦᠨ ᠲᠠᠢ ᠪᠣᠯᠵᠠᠢ᠂ ᠢᠷᠡᠭᠡᠳᠦᠢ ᠶᠢᠨ 10 ᠵᠢᠯ ᠳᠤ ᠯᠠᠪᠲᠠᠢ ᠨᠡᠩ ᠥᠷᠭᠡᠵᠢᠨ᠎ᠡ︾ ᠭᠡᠪᠡ᠃      ᠡᠨᠡ ᠵᠢᠯ ᠪᠣᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ 10 ᠵᠢᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠬᠢᠯᠢ  ᠶᠢᠨ ᠪᠣᠭᠤᠮᠲᠠ ᠶᠢᠨ ᠲᠥᠬᠦᠭᠡᠷᠦᠮᠵᠢ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠠᠵᠤ ᠠᠬᠤᠢ ᠠᠷᠠᠯᠵᠢᠶ᠎ᠠ ᠪᠣᠯᠣᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠰᠣᠶᠣᠯ ᠤᠨ ᠰᠣᠯᠢᠯᠴᠠᠭ᠎ᠠ ᠪᠣᠯᠣᠨ ᠬᠥᠮᠥᠰ ᠤᠨ ᠶᠠᠪᠤᠯᠴᠠᠭ᠎ᠠ ᠶᠢ ᠴᠢᠩᠭᠠᠳᠬᠠᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃      ᠲᠦᠷᠦᠭᠦᠬᠡᠨ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠳᠤ ︽ᠥᠭᠡᠷᠡᠴᠢᠯᠡᠯᠲᠡ ᠨᠡᠭᠡᠭᠡᠯᠲᠡ ᠬᠢᠵᠦ᠂ ᠳᠠᠪᠠᠭᠤᠯᠢᠭ ᠢ ᠪᠤᠶ ᠪᠤᠯᠭᠠᠬᠤ︾ ᠶᠡᠭᠡ ᠴᠢᠭᠯᠡᠯ ᠪᠠ ᠶᠡᠭᠡ ᠵᠠᠷᠴᠢᠮ ᠢ ᠲᠣᠳᠣᠷᠬᠠᠶᠢᠯᠠᠵᠤ᠂ ᠮᠠᠨ ᠤ ᠣᠷᠣᠨ ᠤ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ ᠶᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠠᠶᠢᠭᠤᠯᠬᠤ ᠳᠤ ᠬᠠᠨᠳᠤᠯᠭᠠᠲᠤ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号