2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾ ᠢ ᠬᠡᠷᠡᠭᠵᠢᠭᠦᠯᠵᠦ ᠴᠢᠳᠠᠪᠤᠷᠢᠲᠠᠨ ᠤ ᠬᠥᠭᠵᠢᠯᠲᠡ ᠳᠤ ᠬᠠᠤᠯᠢ ᠶᠢᠨ ᠪᠠᠲᠤᠯᠠᠭ᠎ᠠ ᠬᠠᠩᠭᠠᠵᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠣᠯᠭᠤᠨ᠎ᠠ
ᠨᠡᠶᠢᠲᠡᠯᠡᠭᠰᠡᠨ ᠴᠠᠭ᠄
2023/12/25
       ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠳᠠᠪᠤᠷᠢᠲᠠᠨ ᠤ ᠬᠥᠭᠵᠢᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠪᠠᠷ ᠳᠠᠮᠵᠢᠭᠤᠯᠤᠨ ᠴᠢᠳᠠᠪᠤᠷᠢᠲᠠᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠠ ᠲᠦᠭᠵᠢᠷᠡᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠬᠢᠨᠠᠨ ᠵᠥᠪᠯᠡᠵᠦ ᠪᠠᠲᠤᠯᠠᠭᠠᠳ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃      ᠳᠤᠰ ︽ᠳᠦᠷᠢᠮ︾ ᠨᠢ ᠨᠡᠶᠢᠲᠡ 6 ᠪᠦᠯᠦᠭ 69 ᠵᠦᠢᠯ ᠢᠶᠠᠷ ᠪᠦᠷᠢᠯᠳᠦᠵᠦ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠦᠢᠯᠡᠳᠦᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ᠂ ᠣᠷᠣᠭᠤᠯᠤᠨ ᠠᠪᠴᠢᠷᠠᠬᠤ᠂ ᠰᠢᠯᠵᠢᠭᠦᠯᠦᠨ ᠬᠡᠷᠡᠭᠯᠡᠬᠦ᠂ ᠦᠨᠡᠯᠡᠨ ᠤᠷᠮᠠᠰᠢᠭᠤᠯᠬᠤ᠂ ᠦᠢᠯᠡᠴᠢᠯᠡᠨ ᠪᠠᠲᠤᠯᠠᠬᠤ ᠵᠡᠷᠭᠡ ᠲᠠᠯ᠎ᠠ ᠠᠴᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠣᠯᠣᠨ᠎ᠠ᠃      ᠵᠢᠯᠤᠭᠤᠳᠬᠤ ᠦᠵᠡᠯ ᠰᠠᠨᠠᠭ᠎ᠠ ᠪᠠᠨ ᠲᠣᠳᠣᠷᠬᠠᠶᠢᠯᠠᠵᠤ᠂ ᠴᠢᠳᠠᠪᠤᠷᠢᠲᠠᠨ ᠤ ᠬᠥᠭᠵᠢᠯᠲᠡ ᠶᠢᠨ ᠵᠥᠪ ᠴᠢᠭᠯᠡᠯ ᠢ ᠪᠠᠷᠢᠮᠲᠠᠯᠠᠨ᠎ᠠ᠃ ︽ᠳᠦᠷᠢᠮ︾ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠠᠴᠠ ᠴᠢᠳᠠᠪᠤᠷᠢᠲᠠᠨ ᠤ ᠠᠵᠢᠯ ᠢ ᠪᠦᠭᠦ ᠲᠠᠯ᠎ᠠ ᠪᠠᠷ ᠤᠳᠤᠷᠢᠳᠬᠤ᠂ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠷᠢᠮᠲᠠᠯᠠᠬᠤ᠂ ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠵᠦ ᠣᠷᠣᠭᠤᠯᠤᠨ ᠠᠪᠴᠢᠷᠠᠬᠤ ᠪᠠ ᠰᠠᠶᠢᠲᠤᠷ ᠬᠡᠷᠡᠭᠯᠡᠬᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠵᠠᠷᠴᠢᠮ ᠢ ᠪᠠᠷᠢᠮᠲᠠᠯᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠲᠠᠪᠤᠨ ᠶᠡᠭᠡ ᠡᠭᠦᠷᠭᠡ︾ ᠳᠤ ᠦᠢᠯᠡᠴᠢᠯᠡᠨ ᠪᠠᠲᠤᠯᠠᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠵᠦ᠂ ᠣᠷᠣᠭᠤᠯᠤᠨ ᠠᠪᠴᠢᠷᠠᠵᠤ᠂ ᠰᠠᠶᠢᠲᠤᠷ ᠬᠡᠷᠡᠭᠯᠡᠨ᠎ᠡ᠃      ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠴᠢᠳᠠᠪᠤᠷᠢᠲᠠᠨ ᠤ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ ︽ᠳᠦᠷᠢᠮ︾ ᠳᠤ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠭᠡᠭᠡᠨ ᠬᠥᠭᠵᠢᠭᠦᠯᠬᠦ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠤᠬᠠᠮᠰᠠᠷ ᠪᠣᠯᠣᠨ ᠴᠢᠳᠠᠪᠤᠷᠢ ᠶᠢ ᠬᠥᠮᠥᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠴᠢᠳᠠᠪᠤᠷᠢᠲᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ᠂ ᠠᠵᠤ ᠦᠢᠯᠡᠰ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠵᠡᠷᠭᠡ ᠴᠢᠳᠠᠪᠤᠷᠢᠲᠠᠨ ᠢ ᠬᠥᠮᠥᠵᠢᠭᠦᠯᠵᠦ ᠨᠡᠭᠡᠭᠡᠨ ᠬᠥᠭᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠭᠡᠷᠡᠭᠳᠡᠢ; ᠠᠵᠤ ᠦᠢᠯᠡᠰ ᠤᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠢᠯ ᠲᠥᠷᠥᠯ᠂ ᠴᠢᠬᠤᠯᠠ ᠬᠦᠷᠢᠶ᠎ᠡ ᠴᠠᠷᠠᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠵᠦ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠤᠶᠠᠯᠳᠤᠭᠤᠯᠤᠭᠰᠠᠨ ᠬᠠᠮᠵᠢᠯᠴᠠᠨ ᠬᠥᠮᠥᠨ ᠢ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠭᠡᠷᠡᠭᠳᠡᠢ; ᠲᠣᠰ ᠭᠠᠵᠠᠷ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ᠂ ᠲᠡᠷᠢᠭᠦᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠭᠦᠮ ᠨᠡᠶᠢᠲᠡ᠂ ᠭᠠᠷᠮᠠᠭᠠᠢ ᠢᠨᠵᠧᠨᠧᠷ ᠵᠡᠷᠭᠡ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃      ᠴᠢᠳᠠᠪᠤᠷᠢᠲᠠᠨ ᠢ ᠲᠦᠷᠦᠯ ᠬᠤᠪᠢᠶᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠨ᠎ᠠ᠃ ︽ᠳᠦᠷᠢᠮ︾ ᠳᠤ ᠴᠢᠳᠠᠪᠤᠷᠢᠲᠠᠨ ᠢ ᠦᠨᠡᠯᠡᠬᠦ ᠪᠠᠷᠢᠮᠵᠢᠶ᠎ᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠥᠷᠲᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ᠂ ᠠᠵᠢᠯ ᠲᠥᠷᠥᠯ ᠬᠦᠷᠢᠶ᠎ᠡ ᠴᠠᠷᠠᠭ᠎ᠠ ᠬᠤᠪᠢᠶᠠᠨ ᠴᠢᠳᠠᠪᠤᠷᠢᠲᠠᠨ ᠢ ᠦᠨᠡᠯᠡᠨ ᠲᠣᠭᠲᠠᠭᠠᠵᠤ᠂ ᠥᠭᠦᠯᠡᠯ ᠢ ᠯᠡ ᠡᠷᠭᠢᠮᠯᠡᠭᠦ᠂ ᠮᠡᠷᠭᠡᠵᠢᠯ ᠤᠨ ᠴᠣᠯᠠ ᠶᠢ ᠯᠠ ᠡᠷᠭᠢᠮᠯᠡᠭᠦ᠂ ᠰᠤᠷᠤᠯᠭ᠎ᠠ ᠶᠢᠨ ᠨᠠᠮᠲᠠᠷ ᠢ ᠯᠠ ᠡᠷᠭᠢᠮᠯᠡᠭᠦ᠂ ᠱᠠᠩᠨᠠᠯ ᠤᠨ ᠵᠦᠢᠯᠡᠰ ᠢ ᠯᠡ ᠡᠷᠭᠢᠮᠯᠡᠭᠦ ᠬᠡᠯᠪᠡᠷᠢᠯ ᠢ ᠲᠡᠪᠴᠢᠪᠡ; ᠵᠣᠬᠢᠶᠠᠨ ᠪᠠᠶᠢᠭᠤᠯᠤᠯᠲᠠ ᠶᠢᠨ ᠦᠨᠡᠯᠡᠯᠲᠡ᠂ ᠲᠤᠰᠬᠠᠢ ᠮᠡᠷᠭᠡᠵᠢᠯᠲᠡᠨ ᠤ ᠦᠨᠡᠯᠡᠯᠲᠡ᠂ ᠵᠠᠬ᠎ᠠ ᠳᠡᠯᠭᠡᠭᠦᠷ ᠤᠨ ᠦᠨᠡᠯᠡᠯᠲᠡ᠂ ᠨᠡᠶᠢᠭᠡᠮ ᠤᠨ ᠦᠨᠡᠯᠡᠯᠲᠡ ᠵᠡᠷᠭᠡ ᠦᠨᠡᠯᠡᠯᠲᠡ ᠶᠢᠨ ᠰᠢᠰᠲ᠋ᠧᠮ ᠪᠣᠯᠣᠨ ᠠᠳᠠᠯᠢ ᠪᠤᠰᠤ ᠴᠢᠳᠠᠪᠤᠷᠢᠲᠠᠨ ᠤ ᠲᠦᠷᠦᠯ ᠭᠡᠯᠪᠡᠷᠢ ᠪᠣᠯᠣᠨ ᠠᠵᠢᠯ ᠤᠨ ᠪᠠᠶᠢᠷᠢ ᠶᠢᠨ ᠣᠨᠴᠠᠯᠢᠭ ᠲᠤ ᠨᠡᠶᠢᠴᠡᠭᠰᠡᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ; ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠠᠵᠤ ᠠᠬᠤᠶᠢᠯᠠᠯ ᠪᠠ ᠪᠤᠰᠤᠳ ᠴᠢᠳᠠᠪᠤᠷᠢᠲᠠᠨ ᠤ ᠣᠶᠤᠨ ᠴᠢᠳᠠᠪᠤᠷᠢ ᠲᠥᠪᠯᠡᠷᠡᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠶᠢ ᠪᠡᠶ᠎ᠡ ᠪᠠᠨ ᠳᠠᠭᠠᠭᠠᠵᠤ ᠥᠷᠨᠢᠭᠦᠯᠬᠦ ᠪᠠᠷ ᠭᠤᠶᠤᠴᠢᠯᠠᠵᠤ ᠪᠤᠯᠤᠨ᠎ᠠ; ᠤᠷ᠎ᠠ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠦᠨᠡᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠦᠨ᠎ᠡ ᠭᠡᠵᠦ ᠲᠣᠭᠲᠠᠭᠠᠵᠠᠢ᠃      ᠴᠢᠳᠠᠪᠤᠷᠢᠲᠠᠨ ᠢ ᠤᠷᠮᠠᠰᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠳᠦᠷᠢᠮ︾ ᠳᠤ ᠡᠳ᠋ ᠪᠣᠳᠠᠰ ᠢᠶᠠᠷ ᠤᠷᠮᠠᠰᠢᠭᠤᠯᠬᠤ ᠪᠠ ᠣᠶᠤᠨ ᠰᠠᠨᠠᠭ᠎ᠠ ᠪᠠᠷ ᠤᠷᠮᠠᠰᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠮᠡᠳᠡᠯᠭᠡ᠂ ᠮᠡᠷᠭᠡᠵᠢᠯ᠂ ᠤᠷ᠎ᠠ ᠴᠢᠳᠠᠪᠤᠷᠢ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠤᠨ ᠭᠠᠷᠭᠠᠭᠰᠠᠨ ᠬᠤᠪᠢ ᠨᠡᠮᠡᠷᠢ ᠪᠠᠷ ᠢᠶᠠᠨ ᠬᠤᠪᠢᠶᠠᠷᠢᠯᠠᠯᠲᠠ ᠳᠤ ᠣᠷᠤᠯᠴᠠᠬᠤ ᠥᠮᠴᠢᠯᠡᠬᠦ ᠡᠷᠬᠡ ᠪᠠᠷ ᠤᠷᠮᠠᠰᠢᠭᠤᠯᠬᠤ ᠳᠦᠷᠢᠮ ᠢ ᠲᠣᠳᠣᠷᠬᠠᠶᠢᠯᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠡᠭᠦᠷᠭᠡ ᠲᠤᠰᠢᠶᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠣᠷᠳᠣ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠶᠢ ᠰᠦᠪᠡᠭᠴᠢᠯᠡᠨ᠎ᠡ; ᠢᠲᠡᠭᠡᠯ ᠢᠶᠠᠷ ᠰᠠᠭᠤᠷᠢ ᠪᠤᠯᠭᠠᠬᠰᠠᠨ ᠴᠢᠳᠠᠪᠤᠷᠢᠲᠠᠨ ᠢ ᠬᠡᠷᠡᠭᠯᠡᠬᠦ ᠲᠣᠭᠲᠠᠴᠠ ᠪᠠ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠳᠡᠮᠵᠢᠬᠦ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠮᠥᠨ ᠬᠡᠷᠡᠭᠯᠡᠬᠦ ᠪᠡᠶᠡᠴᠢ ᠴᠣᠭᠴᠠ ᠪᠠ ᠴᠢᠳᠠᠪᠤᠷᠢᠲᠠᠨ ᠤ ᠪᠡᠶᠡᠴᠢ ᠴᠣᠭᠴᠠ ᠶᠢᠨ ᠡᠷᠬᠡ ᠶᠢ ᠠᠭᠤᠵᠢᠭᠤ ᠲᠠᠯᠪᠢᠬᠤ ᠬᠦᠯᠢᠶᠡᠰᠦ ᠶᠢ ᠴᠢᠨᠠᠭᠰᠢᠳᠠ ᠰᠤᠯᠠᠯᠠᠵᠤ᠂ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠨ᠎ᠡ᠃      ᠴᠢᠳᠠᠪᠤᠷᠢᠲᠠᠨ ᠤ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠨ ᠢ ᠦᠯᠡᠳᠡᠭᠡᠨ᠎ᠡ᠃ ︽ᠳᠦᠷᠢᠮ︾ ᠳᠤ᠂ ᠤᠯᠠᠨ ᠡᠰᠢᠴᠢᠯᠡᠭᠰᠡᠨ ᠴᠢᠳᠠᠪᠤᠷᠢᠲᠠᠨ ᠤ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠭᠠᠷᠭᠠᠬᠤ ᠪᠥᠭᠡᠳ ᠡᠳ᠋ ᠤᠨ ᠵᠠᠰᠠᠭ ᠤᠨ ᠵᠠᠷᠤᠯᠭ᠎ᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠤᠯᠭᠠᠬᠤ ᠶᠢ ᠤᠷᠢᠳ  ᠢᠶᠠᠷ ᠪᠠᠲᠤᠯᠠᠨ᠎ᠠ᠃ ᠴᠢᠳᠠᠪᠤᠷᠢᠲᠠᠨ ᠤ ᠬᠢᠮᠳᠠ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠥᠮᠥᠨ ᠬᠡᠷᠡᠭᠯᠡᠬᠦ ᠭᠤᠣᠯ ᠴᠣᠭᠴᠠ ᠶᠢᠨ ᠴᠢᠳᠠᠪᠤᠷᠢᠲᠠᠨ ᠤ ᠨᠡᠶᠢᠲᠡ ᠶᠢᠨ ᠣᠷᠣᠨ ᠰᠠᠭᠤᠴᠠ ᠪᠠᠶᠢᠭᠤᠯᠬᠤ ᠶᠢ ᠳᠡᠮᠵᠢᠵᠦ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ ᠡᠷᠦᠭᠡ ᠠᠮᠠ ᠣᠷᠣᠭᠤᠯᠬᠤ᠂ ᠭᠡᠷ ᠪᠦᠯᠢ ᠪᠠᠶᠢᠭᠤᠯᠬᠤ᠂ ᠡᠮᠴᠢᠯᠡᠭᠡ ᠬᠢᠬᠦ᠂ ᠬᠠᠨᠢ ᠨᠥᠬᠦᠷ ᠢ   ᠨᠢ ᠲᠥᠪᠬᠢᠨᠡᠭᠦᠯᠬᠦ᠂ ᠦᠷ᠎ᠡ ᠬᠡᠦᠬᠡᠳ ᠤᠨ ᠰᠤᠷᠭᠠᠨ ᠬᠥᠮᠦᠵᠢᠯ ᠵᠡᠷᠭᠡ ᠲᠠᠯ᠎ᠠ ᠶᠢᠨ ᠬᠠᠷᠠᠭᠠᠯᠵᠠᠯ ᠬᠦᠷᠲᠡᠭᠡᠬᠦ ᠲᠥᠷᠥ ᠶᠢᠨ ᠪᠣᠳᠣᠯᠭ᠎ᠠ ᠪᠠ ᠳᠥᠭᠦᠮ ᠳᠥᠲᠡ ᠦᠢᠯᠡᠴᠢᠯᠡᠭᠡ ᠵᠡᠷᠭᠡ ᠶᠢ ᠬᠠᠩᠭᠠᠨ᠎ᠠ᠃ ᠡᠭᠦᠨ ᠠᠴᠠ ᠭᠠᠳᠠᠨ᠎ᠠ᠂ ᠪᠠᠰᠠ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠬᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠴᠢᠩᠭ᠎ᠠ ᠳᠦᠷᠢᠮ ᠢ ᠬᠡᠷᠡᠭᠵᠢᠭᠦᠯᠬᠦ᠂ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠤᠷᠮᠠᠰᠢᠭᠤᠯᠤᠨ ᠵᠣᠷᠢᠭᠵᠢᠭᠤᠯᠬᠤ ᠭᠤᠣᠯᠴᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠤᠢ ᠪᠤᠯᠭᠠᠬᠤ ᠵᠡᠷᠭᠡ ᠠᠭᠤᠯᠭ᠎ᠠ ᠶᠢ ᠵᠢᠷᠤᠮᠵᠢᠭᠤᠯᠵᠤ᠂ ᠴᠢᠳᠠᠪᠤᠷᠢᠲᠠᠨ ᠡᠯᠰᠡᠬᠦ ᠳᠤ ᠬᠦᠴᠢᠷᠲᠡᠢ᠂ ᠴᠢᠳᠠᠪᠤᠷᠢᠲᠠᠨ ᠦᠯᠡᠳᠡᠭᠡᠬᠦ ᠳᠤ ᠬᠦᠴᠢᠷᠲᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠩ ᠤᠯᠠᠨ ᠴᠢᠳᠠᠪᠤᠷᠢᠲᠠᠨ ᠤ ᠣᠷᠣᠵᠤ ᠢᠷᠡᠵᠦ ᠳᠡᠶᠢᠯᠭᠦ᠂ ᠦᠯᠡᠳᠡᠵᠦ ᠳᠡᠶᠢᠯᠭᠦ᠂ ᠰᠠᠶᠢᠨ ᠠᠵᠢᠯᠯᠠᠵᠤ ᠳᠡᠶᠢᠯᠭᠦ᠂ ᠠᠮᠤᠷ ᠲᠠᠶᠢᠪᠤᠩ ᠲᠠᠪᠠᠲᠠᠢ ᠰᠠᠭᠤᠷᠢᠰᠢᠬᠤ ᠶᠢ ᠠᠬᠢᠭᠤᠯᠤᠨ᠎ᠠ᠃      
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号