ᠮᠠᠨ ᠤ ᠣᠷᠣᠨ ᠡᠮ ᠤᠨ ᠵᠦᠢᠯᠡᠰ ᠤᠨ ᠠᠮᠤᠷ ᠲᠦᠪᠰᠢᠨ ᠤ ᠲᠤᠬᠠᠢ ᠤᠬᠠᠭᠤᠯᠭ᠎ᠠ ᠶᠢᠨ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠥᠷᠨᠢᠭᠦᠯᠪᠡ
ᠨᠡᠶᠢᠲᠡᠯᠡᠭᠰᠡᠨ ᠴᠠᠭ᠄
2023/12/25
     ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ᠭᠦᠭᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠡᠮ ᠤᠨ ᠵᠦᠢᠯᠡᠰ ᠤᠨ ᠠᠮᠤᠷ ᠲᠦᠪᠰᠢᠨ ᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠰᠤᠷᠤᠬᠴᠢᠳ ᠲᠤ ᠡᠮ ᠤᠨ ᠵᠦᠢᠯᠡᠰ ᠤᠨ ᠠᠮᠤᠷ ᠲᠦᠪᠰᠢᠨ ᠤ ᠲᠤᠬᠠᠢ ᠬᠢᠴᠢᠶᠡᠯ ᠣᠷᠣᠪᠠ᠃      ᠡᠨᠡᠬᠦ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠳ ᠰᠤᠷᠤᠬᠴᠢᠳ ᠲᠤ ᠶᠧᠦ ᠮᠧᠶ ᠱᠠ ᠹᠧᠨ ᠢ ᠬᠡᠮᠵᠢᠶ᠎ᠡ ᠠᠴᠠ ᠨᠢ ᠬᠡᠲᠦᠷᠡᠭᠦᠯᠦᠨ ᠤᠤᠭᠤᠬᠤ᠂ ᠳᠤᠷ᠎ᠠ ᠪᠠᠷ ᠢᠶᠠᠨ ᠬᠡᠷᠡᠭᠯᠡᠬᠦ ᠶᠢᠨ ᠬᠤᠣᠷ ᠬᠥᠨᠥᠭᠡᠯ ᠵᠢᠴᠢ ᠠᠮᠤᠷ ᠲᠦᠪᠰᠢᠨ ᠢᠶᠠᠷ ᠡᠮ ᠬᠡᠷᠡᠭᠯᠡᠬᠦ ᠦᠨᠳᠦᠰᠦᠨ ᠮᠡᠳᠡᠯᠭᠡ᠂ ᠡᠮ ᠬᠡᠷᠡᠭᠯᠡᠬᠦ ᠳᠤ ᠠᠩᠬᠠᠷᠬᠤ ᠵᠦᠢᠯᠡᠰ ᠵᠡᠷᠭᠡ ᠶᠢ ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠡᠮ ᠤᠨ ᠬᠤᠣᠷ ᠬᠥᠨᠥᠭᠡᠯ ᠤᠨ ᠴᠢᠨᠠᠷᠲᠠᠢ ᠦᠨᠡᠨ ᠪᠣᠳᠠᠲᠠᠢ ᠬᠡᠷᠡᠭ  ᠤᠨ ᠸᠢᠳᠢᠤ᠋ ᠶᠢ ᠨᠠᠪᠲᠠᠷᠡᠭᠦᠯᠵᠦ᠂ ᠰᠤᠷᠤᠬᠴᠢᠳ ᠲᠤ ᠡᠮ ᠤᠨ ᠵᠦᠢᠯᠡᠰ ᠢ ᠵᠣᠬᠢᠰ ᠦᠭᠡᠢ ᠬᠡᠷᠡᠭᠯᠡᠬᠦ ᠶᠢᠨ ᠬᠤᠣᠷ ᠬᠥᠨᠥᠭᠡᠯ ᠢ ᠣᠶᠢᠯᠠᠭᠠᠭᠤᠯᠪᠠ᠃ ᠠᠵᠢᠯᠯᠠᠭ᠎ᠠ ᠳᠤ 100 ᠭᠠᠷᠤᠢ ᠪᠠᠭᠰᠢ ᠰᠣᠷᠣᠬᠴᠢ ᠣᠷᠣᠯᠴᠠᠵᠤ᠂ ︽ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠶᠢᠨ ᠭᠠᠷ ᠠᠪᠤᠯᠭ᠎ᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠢ ᠬᠤᠪᠢ ᠲᠠᠷᠬᠠᠭᠠᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ ᠢᠶᠠᠷ ᠡᠮ ᠬᠡᠷᠡᠭᠯᠡᠬᠦ ᠰᠢᠨᠵᠢᠯᠡᠬᠦ ᠤᠬᠠᠭᠠᠨᠴᠢ ᠤᠬᠠᠮᠰᠠᠷ  ᠢ ᠵᠥᠪ ᠤᠨᠤᠪᠴᠢᠳᠠᠢ ᠪᠤᠶ ᠪᠤᠯᠭᠠᠬᠤ ᠶᠢ ᠰᠠᠨᠠᠭᠠᠴᠢᠯᠠᠵᠠᠢ᠂ ᠵᠠᠯᠠᠭᠤᠴᠤᠳ ᠪᠠᠭᠠᠴᠤᠳ ᠢ ᠵᠦᠢ ᠵᠣᠬᠢᠰᠲᠠᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠮ ᠤᠨ ᠵᠦᠢᠯᠡᠰ ᠤᠨ ᠠᠮᠤᠷ ᠲᠦᠪᠰᠢᠨ ᠤ ᠮᠡᠳᠡᠯᠭᠡ ᠶᠢ ᠳᠡᠷᠭᠡᠳᠡᠬᠢ ᠬᠥᠮᠥᠨ ᠨᠢᠭᠡ ᠪᠦᠷᠢ ᠳᠤ ᠳᠠᠮᠵᠢᠭᠤᠯᠤᠨ ᠥᠭᠴᠦ᠂ ᠨᠢᠭᠡ ᠰᠣᠷᠣᠬᠴᠢ ᠪᠠᠷ ᠨᠢᠭᠡ ᠭᠡᠷ ᠪᠦᠯᠢ ᠶᠢ ᠳᠠᠶᠢᠴᠢᠯᠠᠵᠦ᠂ ᠪᠦᠭᠦ ᠨᠡᠶᠢᠭᠡᠮ  ᠢ ᠨᠥᠯᠥᠭᠡᠯᠡᠬᠦ ᠵᠣᠷᠢᠯᠭ᠎ᠠ ᠳᠤ ᠬᠦᠷᠦᠭᠦᠯᠵᠦ᠂ ᠨᠡᠶᠢᠭᠡᠮ ᠳᠠᠶᠠᠭᠠᠷ ᠢᠶᠠᠨ ᠡᠮ ᠤᠨ ᠵᠦᠢᠯᠡᠰ ᠤᠨ ᠠᠮᠤᠷ ᠲᠦᠪᠰᠢᠨ ᠢ ᠴᠢᠬᠤᠯᠠᠴᠢᠯᠠᠨ᠂ ᠡᠮ ᠬᠡᠷᠡᠭᠯᠡᠬᠦ ᠠᠮᠤᠷ ᠲᠦᠪᠰᠢᠨ ᠢ ᠬᠠᠮᠲᠤ ᠪᠠᠷ ᠰᠠᠶᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号