| | 11 ᠰᠠᠷ᠎ᠠ ᠶᠢᠨ 20 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ | ᠣᠷᠳᠣᠨ ᠤ 2023 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡᠶᠢ ᠠᠬᠢᠭᠤᠯᠬᠤ ᠲᠤᠬᠠᠢ | ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠴᠢᠶᠠᠩ ᠤᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ | ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠠᠢ᠃ | | ᠨᠢᠭᠡ᠂ ᠬᠤᠷᠠᠯ ᠠᠴᠠ ᠡᠯ᠎ᠡ ᠳᠡᠳ᠋ ᠲᠣᠭᠤᠷᠢᠭ ᠤᠨ ᠳᠠᠷᠤᠭ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾᠂ ᠥᠪᠡᠷᠲᠡᠭᠡᠨ ᠵᠠᠰᠠᠬᠤ ᠣᠷᠣᠨ ᠤ | ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ︽ᠰᠠᠨᠠᠯ︾᠂ | ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠨᠠᠶᠢᠳᠠᠪᠤᠷᠢᠵᠢᠭᠤᠯᠬᠤ ᠲᠤᠬᠠᠢ ︽ᠰᠠᠨᠠᠯ︾ ᠤᠨ | ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ ︵ᠬᠢᠨᠠᠨ ᠵᠥᠪᠯᠡᠬᠦ ᠨᠣᠣᠷᠠᠭ︶ ᠵᠢᠴᠢ ᠰᠠᠶᠢᠬᠠᠨ | ᠲᠣᠭᠤᠷᠢᠭ ᠤᠨ ︽︿ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀ ᠤᠨ ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ︾ | ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ | ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠱᠠᠭᠠᠷᠳᠠᠯᠭ᠎ᠠ ᠪᠣᠯᠣᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ︽ᠰᠠᠨᠠᠯ︾ ᠢ ᠨᠡᠶᠢᠲᠡᠯᠡᠭᠰᠡᠨ ᠨᠢ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠤ ᠳᠠᠷᠠᠭ᠎ᠠ | ᠲᠣᠭᠲᠠᠭᠠᠵᠤ ᠬᠡᠷᠡᠭᠵᠢᠭᠦᠯᠦᠭᠰᠡᠨ ᠴᠢᠬᠤᠯᠠ ᠪᠢᠴᠢᠭ ᠮᠠᠲᠧᠷᠢᠶᠠᠯ ᠪᠣᠯᠣᠨ᠎ᠠ᠂ ︽ᠬᠤᠶᠠᠷ ᠶᠡᠭᠡ ᠶᠠᠪᠤᠳᠠᠯ︾ ᠢ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ ᠬᠤᠷᠠᠯ ᠠᠴᠠ᠂ | ᠪᠦᠬᠦ ᠲᠣᠭᠤᠷᠢᠭ ᠤᠨᠠᠴᠢ ᠬᠠᠷᠢᠭᠤᠯᠠᠬᠤ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ | ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠰᠠᠨᠠᠯ︾ ᠢ ᠨᠡᠶᠢᠲᠡᠯᠡᠬᠦ | ᠴᠢᠬᠤᠯᠠ ᠶᠡᠭᠡ ᠲᠡᠦᠬᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠢᠯᠠᠯᠲᠠ ᠶᠢᠨ ᠡᠷᠴᠢᠨ ᠳᠡᠭᠡᠷ᠎ᠡ ᠪᠠᠨ | ᠠᠵᠢᠯᠯᠠᠵᠤ᠂ ︽ᠰᠠᠨᠠᠯ︾ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ᠲᠦᠷᠦ ᠶᠢᠨ ᠪᠣᠳᠣᠯᠭ᠎ᠠ ᠳᠤ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ | ᠪᠣᠯᠣᠨ ᠴᠢᠳᠠᠪᠤᠷᠢ ᠶᠢ ᠭᠦᠢᠴᠡᠳ ᠠᠭᠤᠳᠠᠯᠵᠤ᠂ ︽ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | | ᠬᠤᠶᠠᠷ᠂ ᠬᠤᠷᠠᠯ ᠠᠴᠠ ᠮᠠᠨ ᠤ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠪᠣᠯ ᠭᠠᠵᠠᠷ ᠣᠷᠣᠨ ᠤ ᠤᠯᠤᠰ ᠲᠦᠷᠦ ᠶᠢᠨ ᠠᠮᠢ ᠠᠬᠤᠢ᠂ ᠠᠵᠤ | ᠠᠬᠤᠢ ᠶᠢᠨ ᠠᠮᠢ ᠠᠬᠤᠢ᠂ ᠨᠡᠶᠢᠭᠡᠮ ᠤᠨ ᠠᠮᠢ ᠠᠬᠤᠢ ᠶᠢᠨ ᠶᠡᠷᠦᠩᠬᠡᠶᠢᠯᠡᠭᠰᠡᠨ ᠲᠤᠰᠬᠠᠯ ᠮᠥᠨ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠲᠡᠢ ᠲᠤᠯᠭᠠᠭᠤᠷᠢᠯᠠᠯ ᠮᠥᠨ᠃ ︽ᠣᠷᠣᠨ ᠤ ᠦᠨᠡᠯᠡᠯᠲᠡ︾ | ᠶᠢᠨ ᠠᠵᠢᠯ ᠪᠣᠯ ᠥᠪᠡᠷᠲᠡᠭᠡᠨ ᠵᠠᠰᠠᠬᠤ ᠣᠷᠣᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠦᠷᠢᠮ︾ ᠢ ᠭᠦᠨᠵᠡᠭᠡᠢ ᠬᠡᠷᠡᠭᠵᠢᠭᠦᠯᠦᠨ ᠲᠣᠭᠲᠠᠭᠠᠭᠰᠠᠨ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠦᠨᠡᠯᠡᠨ ᠵᠢᠱᠢᠬᠦ ᠠᠷᠭ᠎ᠠ ᠪᠣᠯᠣᠨ᠎ᠠ᠃ ᠠᠵᠤ ᠠᠬᠤᠢ ᠶᠢᠨ ᠬᠥᠭᠵᠢᠯᠲᠡ ᠶᠢᠨ ᠪᠦᠬᠦ ᠲᠠᠯ᠎ᠠ ᠳᠤ | ᠬᠤᠯᠪᠣᠭᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠪᠠᠨ ᠴᠢᠩᠭᠠᠳᠬᠠᠵᠤ᠂ ᠡᠭᠦᠷᠭᠡ ᠶᠢᠨ ᠱᠠᠭᠠᠷᠳᠠᠯᠭ᠎ᠠ ᠪᠣᠯᠣᠨ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠤᠨ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂︽ᠲᠣᠭᠤᠷᠢᠭ ᠤᠨ ᠦᠨᠡᠯᠡᠯᠲᠡ︾ ᠶᠢᠨ ᠰᠢᠯᠢᠳᠡᠭ ᠬᠢᠷᠢ | ᠪᠦᠲᠦᠮᠵᠢ ᠣᠯᠬᠤ ᠪᠠᠷ ᠪᠦᠬᠦ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ | ᠳᠠᠶᠢᠴᠢᠯᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | | ᠭᠤᠷᠪᠠ᠂ ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠪᠦᠬᠦ ᠤᠯᠤᠰ ᠤᠨ ᠳᠣᠯᠣᠳᠤᠭᠠᠷ ᠬᠤᠭᠤᠴᠠᠭᠠᠨ ᠤ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠴᠦᠰ ᠤᠨ ᠵᠢᠯ᠂ ᠰᠢᠢᠳᠪᠦᠷᠢᠲᠦ ᠪᠠᠶᠢᠯᠳᠤᠭᠠᠨ ᠬᠢᠬᠦ ᠵᠢᠯ ᠮᠥᠨ᠂ | ᠣᠳᠣᠬᠠᠨ ᠳᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠰᠢᠪᠲᠤᠯᠤᠯᠲᠠ | ᠬᠢᠵᠦ ᠪᠡᠷᠬᠡ ᠰᠡᠳᠦᠪ ᠢ ᠰᠢᠢᠳᠪᠦᠷᠢᠯᠡᠬᠦ ᠱᠠᠲᠤᠨ ᠳᠤ ᠣᠷᠣᠭᠠᠳ ᠪᠠᠶᠢᠨ᠎ᠠ᠂ ᠡᠯ᠎ᠡ ᠲᠠᠯ᠎ᠠ ᠶᠢᠨ ᠬᠢᠨ ᠤ | ᠬᠤᠯᠪᠣᠭ᠎ᠠ ᠶᠢᠨ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ | ᠣᠶᠢᠯᠠᠭᠠᠭᠳᠠᠬᠤᠨ ᠢ ᠡᠭᠦᠳᠦᠨ ᠪᠠᠶᠢᠭᠤᠯᠬᠤ ᠶᠢ ᠪᠠᠲᠤ ᠴᠡᠭᠡᠵᠢᠯᠡᠵᠦ᠂ ᠥᠨᠳᠥᠷ ᠪᠠᠷᠢᠮᠵᠢᠶ᠎ᠠ ᠴᠢᠩᠭ᠎ᠠ | ᠱᠠᠭᠠᠷᠳᠠᠯᠭ᠎ᠠ ᠶᠢ ᠪᠠᠷᠢᠮᠲᠠᠯᠠᠵᠤ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ᠂ ᠣᠶᠢᠯᠠᠭᠠᠭᠳᠠᠬᠤᠨ ᠠᠷᠭ᠎ᠠ ᠶᠢᠨ | ᠰᠢᠨ᠎ᠡ ᠶᠢ ᠡᠭᠦᠳᠴᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠲᠠᠭᠤᠳᠠᠯ ᠢ ᠱᠠᠯᠠᠪᠳᠠᠨ | ᠨᠥᠬᠦᠪᠦᠷᠢᠯᠡᠵᠦ᠂ ᠨᠠᠷᠢᠨ ᠵᠦᠢᠯᠡᠰ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ | ᠪᠡᠶᠡᠯᠡᠭᠦᠯᠵᠦ᠂ ᠪᠣᠯᠪᠠᠰᠤᠨ ᠬᠤᠳᠠ ᠶᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ᠂ ᠬᠤᠳᠠ ᠶᠢᠨ ᠴᠢᠨᠠᠷ ᠴᠢᠨᠰᠠᠭ᠎ᠠ᠂ ᠬᠤᠳᠠ ᠶᠢᠨ ᠳᠦᠷᠢ ᠲᠥᠷᠬᠦ ᠶᠢᠨ ᠲᠠᠬᠢᠨ ᠰᠢᠨ᠎ᠡ | ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠪᠣᠯᠪᠠᠰᠤᠨ ᠤ ᠬᠡᠮᠵᠢᠶ᠎ᠡ ᠪᠣᠯᠣᠨ ᠵᠠᠰᠠᠯᠲᠠ ᠶᠢᠨ | ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |