ᠰᠠᠶᠢᠬᠠᠨ ᠲᠣᠭᠤᠷᠢᠭ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
     12 ᠰᠠᠷ᠎ᠠ ᠶᠢᠨ 21 ᠤ ᠡᠳᠦᠷ᠂ ᠰᠠᠶᠢᠬᠠᠨ ᠲᠣᠭᠤᠷᠢᠭ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠬᠦ ᠲᠣᠭᠤᠷᠢᠭ ‍ᠤᠨ‌‍ᠲ᠋ᠤᠯᠠᠭᠠᠯᠭ᠎ᠠ ᠶᠢᠨ ᠬᠤᠯᠪᠣᠭᠳᠠᠯ ᠪᠦᠬᠦᠢ ᠠᠰᠠᠭᠤᠳᠠᠯ ᠢ ᠬᠤᠯᠪᠤᠭᠠᠯᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠣᠳᠣᠬᠠᠨ ᠤ ᠳᠤᠯᠠᠭᠠᠯᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠳᠤ ᠭᠦᠨᠵᠡᠭᠡᠢ ᠵᠠᠳᠠᠯᠤᠯᠲᠠ ᠬᠢᠵᠦ᠂ ᠳᠠᠷᠠᠭᠠᠴᠢ ᠶᠢᠨ ᠠᠯᠬᠤᠮ ᠤᠨ ᠳᠤᠯᠠᠭᠠᠯᠭ᠎ᠠ ᠶᠢᠨ ᠠᠵᠢᠯ ᠳᠤ ᠲᠣᠬᠢᠷᠠᠭᠤᠯᠤᠯᠲᠠ ᠬᠢᠵᠡᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃            ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠠᠷᠠᠳ ᠤᠯᠠᠨ ᠤ ᠠᠮᠢᠳᠤᠷᠠᠯ ᠲᠠᠢ ᠬᠤᠯᠪᠣᠭᠳᠠᠵᠤ᠂ ᠤᠯᠠᠨ ᠲᠦᠮᠡᠨ ᠤ ᠬᠠᠯᠠᠭᠤᠨ ᠬᠦᠢᠲᠡᠨ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠡᠯ᠎ᠡ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠠᠷ ᠭᠤᠣᠯᠳᠠᠯᠭ᠎ᠠ ᠲᠠᠢ ᠠᠵᠢᠯ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠤᠯᠠᠨ ᠲᠦᠮᠡᠨ ᠤ ᠰᠠᠨᠠᠯ ᠢ ᠰᠣᠨᠣᠰᠴᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠥᠭᠴᠦ᠂ ᠤᠯᠠᠨ ᠲᠦᠮᠡᠨ ᠤ ᠬᠦᠴᠢᠷ ᠲᠦᠪᠡᠭᠲᠡᠢ ᠶᠠᠪᠤᠳᠠᠯ ᠢ ᠦᠨᠡᠨᠬᠦ ᠰᠢᠢᠳᠪᠦᠷᠢᠯᠡᠵᠦ᠂ ᠳᠠᠷᠤᠶᠢᠬᠠᠨ ᠰᠢᠢᠳᠪᠦᠷᠢᠯᠡᠬᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ ︽ᠳᠤᠯᠠᠭᠠᠨ ᠤᠷᠤᠰᠬᠠᠯ︾  ᠢ ᠡᠷᠦᠭᠡ ᠳᠤ ᠣᠷᠣᠭᠤᠯᠬᠤ ᠶᠢ ᠪᠠᠲᠤᠯᠠᠵᠤ᠂ ᠰᠠᠭᠤᠭᠠᠯᠢ ᠠᠷᠠᠳ ᠢ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠬᠡᠷᠡᠭᠲᠡᠢ᠃          ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠢ ᠪᠠᠶᠢᠷᠢᠯᠠᠭᠤᠯᠵᠤ᠂ ︽ᠠᠷᠠᠳ ᠢ ᠰᠤᠷᠪᠤᠯᠵᠢᠯᠠᠨ ᠳᠤᠯᠠᠭᠠᠯᠠᠭ᠎ᠠ ᠶᠢ ᠠᠰᠠᠭᠤᠬᠤ︾ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠳᠡᠭᠡᠷ᠎ᠡ ᠰᠦᠯᠵᠢᠶᠡᠨ ᠤ ᠵᠢᠷᠭᠢᠶ᠎ᠡ ᠶᠢᠨ ᠪᠦᠯᠦᠭᠯᠡᠯ ᠳᠤ ᠲᠦᠰᠢᠭᠯᠡᠨ᠂ ᠳᠤᠯᠠᠭᠠᠯᠭ᠎ᠠ ᠶᠢᠨ ᠠᠵᠤ ᠠᠬᠤᠶᠢᠯᠠᠯ ᠤᠨ ᠰᠦᠯᠵᠢᠶᠡᠨ ᠤ ᠵᠢᠷᠭᠢᠶ᠎ᠡ ᠶᠢᠨ ᠪᠦᠯᠦᠭᠯᠡᠯ ᠳᠤ ᠣᠷᠣᠬᠤ ᠶᠢ ᠢᠳᠡᠪᠬᠢᠲᠡᠢ ᠵᠣᠯᠭᠠᠭᠤᠯᠵᠤ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠳᠤᠯᠠᠭᠠᠯᠭ᠎ᠠ ᠶᠢᠨ ᠠᠰᠠᠭᠤᠳᠠᠯ ᠢ ᠠᠰᠠᠭᠤᠨ ᠯᠠᠪᠯᠠᠬᠤ ᠳᠤ ᠮᠡᠳᠡᠭᠦᠯᠦᠨ ᠵᠠᠰᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠬᠠᠮᠤᠭ ᠤᠨ ᠲᠦᠷᠦᠭᠦᠨ ᠳᠤ ᠬᠠᠷᠢᠭᠤ ᠥᠭᠴᠦ᠂ ᠰᠢᠢᠳᠪᠦᠷᠢᠯᠡᠬᠦ ᠬᠡᠷᠡᠭᠲᠡᠢ᠃ ᠰᠦᠯᠵᠢᠶᠡᠨ ᠳᠡᠭᠡᠷ᠎ᠡ ᠡᠯ᠎ᠡ ᠱᠠᠲᠤᠨ ᠤ ᠺᠠᠳ᠋ᠷ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠰᠦᠯᠵᠢᠶᠡᠨ ᠤ ᠠᠰᠠᠷ ᠤᠨ ᠬᠦᠷᠢᠶᠡᠨ ᠳᠤ ᠭᠦᠨᠵᠡᠭᠡᠶᠢᠷᠡᠵᠦ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠳᠤᠯᠠᠭᠠᠯᠭ᠎ᠠ ᠶᠢᠨ ᠪᠠᠶᠢᠳᠠᠯ ᠢ ᠨᠠᠷᠢᠨ ᠨᠢᠮᠪᠠᠢ ᠣᠶᠢᠯᠠᠭᠠᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠠ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠡᠯᠪᠢᠨ ᠵᠠᠰᠠᠬᠤ ᠵᠠᠪᠳᠤᠨ ᠵᠠᠰᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠯᠠᠭᠠᠯᠭ᠎ᠠ ᠶᠢᠨ ᠠᠰᠠᠭᠤᠳᠠᠯ ᠢ ᠲᠡᠷᠡ ᠳᠠᠷᠤᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠪᠠᠲᠤᠯᠠᠵᠤ᠂ ᠳᠤᠯᠠᠭᠠᠯᠭ᠎ᠠ ᠶᠢᠨ ᠠᠰᠠᠭᠤᠳᠠᠯ ᠢ ᠲᠣᠬᠢᠲᠠᠢ ᠪᠥᠭᠡᠳ ᠥᠨᠳᠥᠷ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠳᠤᠯᠠᠭᠠᠯᠠᠭ᠎ᠠ ᠶᠢᠨ ᠠᠮᠤᠷ ᠲᠦᠪᠰᠢᠨ ᠤ ᠮᠡᠳᠡᠯᠭᠡ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠵᠢᠴᠢ ᠳᠤᠯᠠᠭᠠᠯᠠᠭ᠎ᠠ ᠶᠢᠨ ᠥᠪᠡᠷ ᠢ ᠪᠠᠨ ᠪᠠᠶᠢᠴᠠᠭᠠᠬᠤ ᠠᠷᠭ᠎ᠠ ᠶᠢᠨ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠢᠯᠴᠢ ᠬᠠᠩᠭᠠᠬᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠵᠢᠯᠴᠠᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠢᠯᠴᠢ ᠬᠠᠩᠭᠠᠬᠤ ᠶᠢ ᠪᠠᠲᠤᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠢᠯᠴᠢ ᠬᠠᠩᠭᠠᠬᠤ ᠬᠠᠯᠠᠭᠤᠨ ᠤ ᠬᠡᠮᠵᠢᠶ᠎ᠡ ᠪᠠᠷ ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠪᠣᠯᠣᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃            ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠶᠦᠨ ᠵᠢᠶᠠᠨ ᠭᠦᠸᠧ ᠬᠤᠷᠠᠯ ᠢ ᠡᠷᠭᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃          ᠢᠷᠡᠯᠲᠡ᠄  ᠰᠠᠶᠢᠬᠠᠨ ᠲᠣᠭᠤᠷᠢᠭ  ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号