ᠰᠠᠶᠢᠬᠠᠨ ᠲᠣᠭᠤᠷᠢᠭ ︽ᠳᠤᠮᠳᠠᠳᠤ ᠵᠢᠨ‌ᠦᠨᠳᠦᠰᠦᠲᠡᠨ ᠤ ᠬᠠᠮᠲᠤ ᠵᠢᠨ‌‍ᠴᠣᠭᠴᠠ ᠶᠢᠨ ᠤᠬᠠᠮᠰᠠᠷ ᠢ ᠪᠠᠲᠦ ᠴᠣᠭᠴᠠᠯᠠᠬᠤ ᠰᠠᠶᠢᠬᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠪᠣᠯᠪᠠᠰᠤᠷᠠᠯ ᠤᠨ ᠠᠩᠭᠢ ᠶᠢ ᠴᠢᠩᠭᠠᠳᠬᠠᠨ ᠳᠡᠭᠡᠭᠰᠢᠯᠡᠭᠦᠯᠬᠦ︵ᠬᠤᠶᠠᠳᠤᠭᠠᠷ ᠬᠤᠭᠤᠴᠠᠭ᠎ᠠ︶︾ ᠵᠢᠩᠬᠢᠨᠢ ᠪᠠᠷ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2023/12/26
       ︽ᠲᠤᠰ ᠤᠳᠠᠭ᠎ᠠ ᠶᠢᠨ ᠪᠣᠯᠪᠠᠰᠤᠷᠠᠯ ᠨᠢ ᠮᠢᠨᠤ ᠬᠠᠷᠠᠭ᠎ᠠ ᠶᠢ ᠥᠷᠭᠡᠳᠬᠡᠵᠦ᠂ ᠰᠡᠳᠬᠢᠴᠡ ᠶᠢ ᠥᠷᠭᠡᠳᠬᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠣᠭᠴᠠᠯᠠᠬᠤ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠨᠡᠩ ᠭᠦᠨᠵᠡᠭᠡᠢ ᠪᠦᠬᠦ ᠲᠠᠯ᠎ᠠ ᠶᠢᠨ ᠲᠠᠨᠢᠯᠲᠠ ᠲᠠᠢ ᠪᠣᠯᠵᠠᠢ︾ ᠭᠡᠵᠦ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠺᠠᠳ᠋ᠷ ᠵᠠᠩ  ᡁᠢ  ᠯᠢᠶᠠᠩ ᠢᠩᠭᠢᠵᠦ ᠬᠡᠯᠡᠪᠡ᠃          ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠲᠣᠭᠤᠷᠢᠭ  ᠤᠨ ᠦᠨᠳᠦᠰᠦᠲᠡᠨ ᠤ ᠠᠵᠢᠯᠲᠠᠳ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠲᠦᠪᠰᠢᠨ ᠢ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠤ ᠠᠵᠢᠯ ᠢ ᠥᠷᠨᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ 11 ᠰᠠᠷ᠎ᠠ ᠶᠢᠨ 17 ᠤ ᠡᠳᠦᠷ᠂ ᠰᠠᠶᠢᠬᠠᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠰᠠᠶᠢᠬᠠᠨ ᠲᠣᠭᠤᠷᠢᠭ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ︵ᠬᠤᠶᠠᠳᠤᠭᠠᠷ ᠬᠤᠭᠤᠴᠠᠭ᠎ᠠ︶ ᠶᠢ ᠡᠷᠬᠢᠯᠡᠪᠡ᠃ ᠰᠠᠶᠢᠬᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︵ᠨᠠᠢᠮᠠ ᠪᠠᠷ ᠠᠬᠢᠭᠤᠯᠬᠤ︶ᠲᠦᠷᠦᠭᠦᠯᠡᠬᠦ ᠨᠢᠭᠡᠴᠡ᠂ ᠪᠤᠰᠤᠳ ᠬᠤᠯᠪᠣᠭᠳᠠᠯ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠡᠰᠡᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢᠨ ᠬᠠᠷᠢᠭᠤᠴᠠᠯᠭᠠᠲᠠᠳ ᠪᠣᠯᠪᠠᠰᠤᠷᠠᠯ ᠳᠤ ᠣᠷᠣᠯᠴᠠᠵᠠᠢ᠃
     ᠲᠣᠰ ᠤᠳᠠᠭᠠᠨ ᠤ ᠪᠣᠯᠪᠠᠰᠤᠷᠠᠭᠤᠯᠤᠯ ᠢ ᠡᠷᠭᠢᠯᠡᠬᠦ ᠪᠣᠯ ᠮᠠᠨ ᠤ ᠲᠣᠭᠤᠷᠢᠭ ‍ᠤᠨ‌‍ᠲ᠋ᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠲᠣᠭᠤᠷᠢᠭ ᠢ ᠪᠥᠬᠦ ᠲᠠᠯ᠎ᠠ ᠪᠠᠷ ᠡᠭᠦᠳᠦᠨ ᠪᠠᠶᠢᠭᠤᠯᠵᠤ᠂ ᠦᠨᠳᠦᠰᠦᠲᠡᠨ ᠤ ᠠᠵᠢᠯ ᠤᠨ ᠺᠠᠳ᠋ᠷᠴᠤᠳ ᠤᠨ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠣᠯᠪᠠᠰᠤᠷᠠᠯ ᠤᠨ ᠳᠤᠮᠳᠠ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠤᠨᠤᠯ ᠤᠨ ᠵᠢᠭᠠᠨ ᠰᠤᠳᠤᠯᠬᠤ ᠲᠠᠰᠤᠭ ᠤᠨ ᠪᠠᠭᠰᠢ ᠴᠢ ᠯᠢᠶᠠᠩ ᠯᠢᠶᠠᠩ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠫᠷᠤᠹᠥᠰᠰᠤᠷ ᠰᠦᠨ ᠪᠢᠩ︽ᠵᠥᠪ ᠣᠨᠣᠪᠴᠢᠲᠠᠢ ᠦᠨᠳᠦᠰᠦᠲᠡᠨ ᠤ ᠦᠵᠡᠯᠲᠡ ᠶᠢ ᠪᠤᠢ ᠪᠣᠯᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾᠂︽ᠬᠥᠬᠡᠬᠤᠲᠠ‌‍ᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠦᠨᠵᠡᠭᠡᠢ ᠰᠤᠷᠤᠯᠴᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠤᠢ ᠪᠣᠯᠭᠠᠬᠤ︾ ᠪᠠᠷ ᠰᠡᠳᠦᠪᠯᠡᠪᠡ᠃ ᠦᠨᠳᠦᠰᠦᠲᠡᠨ ᠤ ᠣᠨᠣᠯ ᠤᠨ ᠦᠨᠳᠦᠰᠦᠨ ᠠᠭᠤᠯᠭ᠎ᠠ᠂ ᠮᠠᠨ ᠤ ᠤᠯᠤᠰ ᠤᠨ ᠦᠨᠳᠦᠰᠦᠲᠡᠨ ᠤ ᠬᠥᠭᠵᠢᠯᠲᠡ ᠶᠢᠨ ᠣᠨᠴᠠᠯᠢᠭ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠬᠥᠬᠡᠬᠤᠲᠠ ᠶᠢᠨ ᠲᠡᠦᠬᠡ ᠵᠡᠷᠭᠡ ᠳᠥᠷᠪᠡᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ ᠤᠨᠤᠯ ᠤᠨ ᠪᠣᠷᠣ ᠲᠥᠯᠥᠪ ᠢ ᠨᠠᠷᠢᠨ ᠬᠢᠨᠠᠮᠠᠭᠠᠢ ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ᠂ ᠠᠵᠢᠯ ᠤᠨ ᠠᠷᠭ᠎ᠠ ᠶᠢ ᠨᠠᠷᠢᠨ ᠨᠢᠮᠪᠠᠢ ᠲᠠᠶᠢᠯᠪᠤᠷᠢᠯᠠᠨ ᠵᠢᠭᠠᠭᠰᠠᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠣᠶᠢᠯᠠᠭᠠᠬᠤ ᠳᠤ ᠵᠢᠯᠣᠭᠤᠳᠤᠯᠭ᠎ᠠ ᠶᠢᠨ ᠴᠢᠨᠠᠷᠲᠠᠢ ᠪᠠ ᠦᠢᠯᠡᠳᠦᠯᠭᠡ ᠶᠢᠨ ᠴᠢᠨᠠᠷᠲᠠᠢ ᠠᠴᠢ ᠬᠤᠯᠪᠣᠭᠳᠠᠯ ᠲᠠᠢ ᠶᠤᠮ᠃
     ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠣᠷᠣᠯᠴᠠᠭᠰᠠᠨ ᠪᠦᠬᠦ ᠬᠥᠮᠥᠰ ᠲᠤ ᠣᠨᠣᠯ ᠤᠨ ᠰᠢᠯᠭᠠᠯᠲᠠ ᠬᠢᠵᠦ᠂ ᠬᠤᠷᠠᠯ ᠳᠤ ᠣᠷᠣᠯᠴᠠᠭᠰᠠᠳ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠠᠪᠤᠳᠠᠯ ᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
     2023 ᠣᠨ ᠳᠤ ᠰᠠᠶᠢᠬᠠᠨ ᠲᠣᠭᠤᠷᠢᠭ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠰᠠᠶᠢᠬᠠᠨ ᠲᠣᠭᠤᠷᠢᠭ ‍ᠤᠨ‌ᠦᠨᠳᠦᠰᠦᠲᠡᠨ ᠤ ᠠᠵᠢᠯ ᠤᠨ ᠪᠣᠯᠪᠠᠰᠤᠷᠠᠯ ᠤᠨ ᠠᠩᠭᠢ ᠶᠢ ᠴᠢᠩᠭᠠᠳᠬᠠᠬᠤ ᠪᠠ ᠳᠡᠭᠡᠭᠰᠢᠯᠡᠭᠦᠯᠬᠦ ᠠᠵᠢᠯ ᠢ ᠬᠤᠶᠠᠷ ᠬᠤᠭᠤᠴᠠᠭ᠎ᠠ ᠥᠷᠨᠢᠭᠦᠯᠪᠡ᠃ ᠪᠥᠬᠦ ᠲᠣᠭᠤᠷᠢᠭ ᠤᠨ ᠦᠨᠳᠦᠰᠦᠲᠡᠨ ᠤ ᠠᠵᠢᠯ ᠤᠨ ᠺᠠᠳ᠋ᠷ ‍ᠤᠨ‌ᠦᠨᠳᠦᠰᠦᠲᠡᠨ ᠤ ᠠᠵᠢᠯ ᠤᠨ ᠪᠣᠯᠪᠠᠰᠤᠷᠠᠭᠤᠯᠤᠯ ᠢ ᠪᠦᠷᠢᠨ‌ᠬᠠᠮᠤᠷᠬᠤ ᠶᠢ  ᠪᠡᠶᠡᠯᠡᠭᠦᠯᠵᠦ᠂ ᠮᠠᠨ ᠤ  ᠲᠣᠭᠤᠷᠢᠭ ‍ᠤᠨ‌ᠦᠨᠳᠦᠰᠦᠲᠡᠨ ᠤ ᠠᠵᠢᠯ ᠤᠨ ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠶᠠᠨ ᠵᠠᠮ ᠳᠤ ᠡᠷᠡᠯᠬᠡᠭᠯᠡᠨ‌ᠤᠷᠤᠭᠰᠢᠯᠠᠨ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号