︽ᠮᠣᠷᠢᠨ ᠤ ᠬᠤᠯᠪᠣᠭᠠᠲᠤ ᠤᠷᠤᠯᠳᠤᠭᠠᠨ︾ ᠰᠢᠯᠢᠩᠬᠤᠲᠠ ᠶᠢᠨ ᠲᠡᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/12/26
     12 ᠰᠠᠷ᠎ᠠ ᠶᠢᠨ 23 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠤ ᠬᠤᠲᠠ ᠰᠢᠯᠢ ᠶᠢᠨ ᠭᠤᠣᠯ ᠤᠨ ᠮᠣᠩᠭᠤᠯ ᠮᠣᠷᠢᠨ ᠤ ᠭᠡᠳᠦ ᠲᠠᠰ ᠤᠨ ᠬᠤᠯᠪᠣᠭᠠᠲᠤ ᠤᠷᠤᠯᠳᠤᠭᠠᠨ ᠤ ᠰᠢᠯᠢᠩᠬᠤᠲᠠ‌‍ᠶᠢᠨ ᠲᠠᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠫᠢᠩ ᠳ᠋ᠢᠩ ᠱᠠᠨ ᠠᠭᠤᠯᠠᠨ ᠤ ᠦᠵᠡᠮᠵᠢ ᠶᠢᠨ ᠣᠷᠣᠨ ᠳᠤ ᠵᠢᠩᠬᠢᠨᠢ ᠪᠠᠷ ᠡᠬᠢᠯᠡᠪᠡ᠂ ᠲᠣᠰ ᠲᠠᠯᠠᠪᠠᠶ ᠶᠢᠨ ᠤᠷᠤᠯᠳᠤᠭᠠᠨ ᠨᠢ ᠣᠨᠴᠠᠭᠠᠶ ᠴᠠᠭ ᠠᠭᠤᠷ ᠠᠴᠠ ᠪᠣᠯᠵᠤ 2 ᠡᠳᠦᠷ ᠬᠤᠶᠢᠰᠢᠯᠠᠵᠠᠢ᠃
     ᠡᠭᠢᠯᠡᠯᠲᠡ ᠶᠢᠨ ᠶᠣᠰᠣᠯᠠᠯ ᠳᠡᠭᠡᠷ᠎ᠡ᠂ ᠮᠣᠷᠢᠨ ᠬᠤᠭᠤᠷ ᠤᠨ ᠬᠥᠭᠵᠢᠮ᠂ ᠮᠣᠲᠧᠯ ᠤᠨ ᠲᠣᠬᠯᠠᠯᠲᠠ᠂ ᠬᠠᠮᠲᠤ ᠶᠢᠨ ᠪᠥᠵᠢᠭ ᠁ ᠪᠡᠭᠡᠵᠢᠩ ᠶᠡᠭᠡ ᠰᠤᠷᠭᠠᠭᠤᠯᠢ᠂ ᠵᠧᠵᠢᠶᠠᠩ ᠶᠡᠭᠡ ᠰᠤᠷᠭᠠᠭᠤᠯᠢ ᠵᠡᠷᠭᠡ 18 ᠶᠡᠭᠡ ᠳᠡᠭᠡᠳᠦ ᠰᠤᠷᠭᠠᠭᠤᠯᠢ ᠶᠢᠨ ᠬᠢᠨ ᠦᠵᠡᠭᠴᠢᠳ ᠲᠤ ᠦᠨᠳᠦᠰᠦᠲᠡᠨ ᠤ ᠣᠨᠴᠠᠯᠢᠭ ᠪᠦᠬᠦᠢ ᠲᠣᠬᠯᠠᠯᠲᠠ ᠭᠠᠷᠭᠠᠵᠠᠢ᠂ ᠡᠭᠦᠨ ᠤ ᠬᠠᠮᠲᠤ ᠴᠠᠰᠤᠨ ᠳᠡᠭᠡᠷᠡᠬᠢ ᠳᠡᠭᠡᠰᠦ ᠲᠠᠲᠠᠬᠤ ᠤᠷᠤᠯᠳᠤᠭᠠᠨ᠂ ᠴᠠᠰᠤᠨ ᠳᠡᠭᠡᠷ᠎ᠡ ᠡᠷᠳᠡᠨᠢ ᠡᠷᠢᠬᠦ ᠤᠷᠤᠯᠳᠤᠭᠠᠨ ᠵᠡᠷᠭᠡ ᠵᠤᠭ᠎ᠠ ᠴᠡᠩᠭᠡᠯ ᠤᠨ ᠲᠥᠷᠥᠯ ᠵᠦᠢᠯ ᠨᠢ ᠴᠦ ᠦᠵᠡᠭᠴᠢᠳ ᠤᠨ ᠤᠷᠮ᠎ᠠ ᠶᠢ ᠬᠥᠭᠵᠢᠭᠡᠭᠰᠡᠨ ᠪᠠᠶᠢᠨ᠎ᠠ᠃      ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠰᠢᠯᠢᠩᠬᠤᠲᠠ ᠶᠢᠨ ᠡᠯ᠎ᠡ ᠰᠤᠮᠤ᠂ ᠪᠠᠯᠭᠠᠰᠤ᠂ ᠤᠯᠤᠰ ᠤᠨ ᠥᠮᠴᠢᠯᠡᠯ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠲᠡᠰ ᠤᠨ ᠤᠷᠤᠯᠳᠤᠭᠠᠨ ᠠᠴᠠ ᠴᠣᠯᠭᠤᠷᠠᠨ ᠭᠠᠷᠤᠭᠰᠠᠨ 104 ᠤᠨᠤᠭᠠᠴᠢ ᠰᠢᠯᠢ ᠶᠢᠨ ᠭᠤᠣᠯ ᠤᠨ ᠮᠣᠩᠭᠤᠯ ᠮᠣᠷᠢᠨ ᠤ ᠭᠡᠳᠦ ᠲᠡᠰ ᠤᠨ ᠬᠤᠯᠪᠣᠭᠠᠲᠤ ᠤᠷᠤᠯᠳᠤᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠤᠯᠴᠠᠬᠤ ᠬᠢᠷᠢ ᠭᠡᠮ ᠢ ᠣᠯᠬᠤ ᠪᠠᠷ ᠥᠷᠢᠰᠦᠯᠳᠦᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号