ᠷᠠᠰᠢᠶᠠᠨ ᠤ ᠴᠠᠰᠤ ᠮᠥᠰᠥᠨ ᠤ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2023/12/26
     12 ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠭᠢᠯᠡᠵᠦ᠂ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠷᠠᠰᠢᠶᠠᠨ ᠤ ᠴᠠᠰᠤ ᠮᠥᠰᠥᠨ ᠤ ᠨᠠᠶᠢᠷ ᠤᠨ ᠡᠭᠢᠯᠡᠯᠲᠡ ᠶᠢᠨ ᠶᠣᠰᠣᠯᠠᠯ ᠵᠢᠴᠢ 2023 ᠳᠤᠮᠳᠠᠳᠤ ᠮᠣᠩᠭᠤᠯ ᠤᠷᠤᠰ ︵ᠷᠠᠰᠢᠶᠠᠨ︶  ᠤᠨ ᠤᠯᠠᠨ ᠤᠯᠤᠰ ᠤᠨ ᠮᠠᠰᠢᠨ ᠲᠡᠷᠭᠡᠨ ᠤ ᠴᠠᠰᠤ ᠮᠥᠰᠥᠨ ᠳᠠᠬᠢ ᠥᠷᠢᠰᠦᠯᠳᠦᠭᠡᠨ ᠷᠠᠰᠢᠶᠠᠨ ᠬᠤᠳᠠ ᠳᠤ ᠡᠬᠢᠯᠡᠪᠡ᠃
     ᠲᠤᠰ ᠬᠤᠭᠤᠴᠠᠭᠠᠨ ᠤ ᠷᠠᠰᠢᠶᠠᠨ ᠤ ᠴᠠᠰᠤ ᠮᠥᠰᠥᠨ ᠤ ᠨᠠᠶᠢᠷ ᠢ ︽1996︾ ᠭᠡᠬᠦ ᠰᠢᠨ᠎ᠡ ᠭᠡᠯᠪᠡᠷᠢ ᠪᠠ ᠠᠭᠤᠯᠭ᠎ᠠ   ᠪᠠᠷ ᠡᠷᠭᠢᠯᠡᠨ ᠶᠠᠪᠤᠭᠳᠠᠭᠤᠯᠵᠠᠢ᠂ ᠲᠤᠬᠠᠶᠢᠯᠠᠪᠠᠯ 1 ᠲᠠᠯᠠᠪᠤᠷ ᠴᠠᠰᠤ ᠮᠥᠰᠥᠨ ᠤ ᠨᠠᠶᠢᠷ ᠤᠨ ᠡᠭᠢᠯᠡᠯᠲᠡ ᠶᠢᠨ ᠶᠣᠰᠣᠯᠠᠯ ᠡᠷᠭᠢᠯᠡᠵᠦ᠂ 9 ᠶᠡᠭᠡ ᠭᠤᠣᠯ ᠰᠡᠳᠦᠪᠲᠦ ᠦᠵᠡᠮᠵᠢ ᠶᠢ ᠪᠠᠶᠢᠭᠤᠯᠵᠤ᠂ 9 ᠶᠡᠭᠡ ᠴᠠᠰᠤ ᠮᠥᠰᠥᠨ ᠤ ᠨᠠᠶᠢᠷ ᠨᠠᠭᠠᠳᠤᠮ ᠤᠨ ᠠᠵᠢᠯᠯᠠᠭ᠎ᠠ ᠶᠢ ᠥᠷᠨᠢᠭᠦᠯᠵᠦ᠂ 6 ᠵᠤᠷᠪᠤᠰ ᠴᠠᠰᠤ ᠮᠥᠰᠥᠨ ᠤ ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠢ ᠭᠠᠷᠭᠠᠵᠠᠢ᠃ ᠡᠳᠡᠭᠡᠷ ᠠᠵᠢᠯᠯᠠᠭ᠎ᠠ ᠥᠷᠨᠢᠭᠦᠯᠬᠦ ᠪᠠᠷ ᠳᠠᠮᠵᠢᠨ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠳᠤ ᠬᠦᠴᠦ ᠨᠡᠮᠡᠷᠢᠯᠡᠭᠰᠡᠨ ᠪᠠᠶᠢᠨ᠎ᠠ᠃
     ᠥᠩᠭᠡᠷᠡᠭᠰᠡᠨ ᠤ ᠴᠠᠰᠤ ᠮᠥᠰᠥᠨ ᠤ ᠨᠠᠶᠢᠷ ᠲᠠᠢ ᠬᠠᠷᠢᠴᠠᠭᠤᠯᠪᠠᠯ᠂ ᠡᠨᠡ ᠵᠢᠯ ᠤᠨ ᠨᠠᠶᠢᠷ ᠤᠨ ᠡᠭᠢᠯᠡᠯᠲᠡ ᠶᠢᠨ ᠶᠣᠰᠣᠯᠠᠯ ᠨᠢ ᠨᠠᠩ ᠭᠦᠷ ᠬᠥᠭᠵᠢᠶᠡᠨ ᠲᠠᠢ ᠪᠣᠯᠤᠭᠰᠠᠨ ᠶᠤᠮ᠃ ᠬᠡᠭᠡᠷᠡᠯᠡᠨ ᠳᠠᠪᠬᠢᠬᠤ ᠮᠠᠰᠢᠨ ᠲᠡᠷᠭᠡᠨ ᠤ ᠠᠩᠭᠢ ᠶᠢᠨ ᠬᠢᠨ ᠴᠠᠰᠤᠨ ᠳᠤᠮᠳᠠᠭᠤᠷ  ᠳᠠᠪᠬᠢᠵᠤ᠂ ︽ᠬᠤᠷᠳᠤᠴᠠ︾ ᠪᠠ ︽ᠣᠷᠭᠢᠯᠤᠮ᠎ᠠ  ᠰᠡᠳᠬᠢᠯᠭᠡ︾  ᠪᠠᠷ ᠢᠶᠠᠨ ᠴᠠᠰᠤ ᠮᠥᠰᠥᠨ ᠤ ᠨᠠᠶᠢᠷ ᠲᠤ ᠭᠦᠭ ᠨᠡᠮᠡᠵᠦ᠂ ᠤᠷᠤᠰ ᠤᠨ ᠬᠥᠭᠵᠢᠮ ᠤᠨ ᠠᠩᠭᠢ ᠶᠢᠨ ᠬᠢᠨ ᠤ ᠤᠷᠠᠨ ᠰᠠᠶᠢᠬᠠᠨ ᠤ ᠲᠤᠬᠯᠠᠯᠳᠠ ᠪᠠ ᠳᠤᠷ᠎ᠠ ᠰᠣᠨᠢᠷᠬᠠᠯᠳᠤ ᠤᠢ ᠰᠢᠭᠤᠢ ᠶᠢᠨ ᠰᠣᠶᠣᠯ ᠢᠷᠭᠡᠨᠰᠢᠯ ᠤᠨ ᠲᠣᠬᠯᠠᠯᠲᠠ ᠨᠢ ᠤᠯᠠᠨ ᠤ ᠪᠠᠭ᠋ᠠᠷᠬᠠᠯ ᠢ ᠮᠠᠰᠢ ᠲᠠᠲᠠᠯ᠎ᠠ᠃ ᠡᠭᠢᠯᠡᠯᠳᠡ ᠶᠢᠨ ᠶᠣᠰᠣᠯᠠᠯ ᠤᠨ ᠠᠬᠤᠢ ᠳᠠᠯᠠᠪᠠᠢ ᠳᠤ ᠪᠠᠰᠠ ᠷᠠᠰᠢᠶᠠᠨ ᠪᠤᠯᠠᠭ ᠤᠨ ᠤᠰᠤ ᠪᠠᠷ ᠴᠢᠨᠠᠭᠰᠠᠨ ᠪᠠᠩᠰᠢ ᠶᠢ ᠵᠢᠭᠤᠯᠴᠢᠯᠠᠬᠰᠠᠳ ᠲᠠᠭᠠᠨ ᠦᠨ᠎ᠡ ᠲᠥᠯᠥᠪᠦᠷᠢ ᠦᠭᠡᠢ ᠪᠠᠷ ᠠᠮᠰᠠᠭᠤᠯᠵᠠᠢ᠃      ᠲᠤᠰ ᠤᠳᠠᠭᠠᠨ ᠤ ᠠᠵᠢᠯᠯᠠᠭ᠎ᠠ ᠳᠤᠮᠳᠠ ᠪᠠᠰᠠ︽2024 - 2028 ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠲᠡᠷᠭᠡ ᠵᠢᠯᠣᠭᠤᠳᠤᠨ ᠵᠢᠭᠤᠯᠴᠢᠯᠠᠬᠤ︾ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠪᠠ ᠷᠠᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ  ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠵᠡᠷᠭᠡ ᠶᠢ ᠵᠡᠷᠭᠡᠪᠡᠷ ᠶᠠᠪᠤᠭᠳᠠᠭᠤᠯᠵᠠᠢ᠃      ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠴᠠᠰᠤ ᠮᠥᠰᠥᠨ ᠤ ᠨᠠᠶᠢᠷ ᠨᠢ ᠳᠠᠷᠠᠭ᠎ᠠ ᠵᠢᠯ ᠤᠨ 2 ᠰᠠᠷ᠎ᠠ ᠪᠤᠯᠳᠠᠯ᠎ᠠ ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠪᠦᠭᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠢᠭᠤᠯᠴᠢᠯᠠᠬᠰᠠᠳ ᠤᠯᠠᠨ ᠵᠦᠢᠯ ᠤᠨ ᠴᠠᠰᠤ ᠮᠥᠰᠥᠨ ᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠪᠠ ᠴᠠᠰᠤ ᠮᠥᠰᠥᠨ ᠤ ᠲᠠᠮᠢᠷ ᠤᠨ ᠬᠥᠳᠡᠯᠭᠡᠭᠡᠨ ᠳᠤ ᠣᠷᠣᠯᠴᠠᠨ᠂ ᠴᠠᠰᠤᠲᠤ ᠲᠤᠰᠬᠤᠨ ᠤ ᠴᠠᠭᠠᠨ ᠰᠠᠷ᠎ᠠ ᠶᠢᠨ ᠵᠠᠩ ᠥᠢᠯᠡ ᠶᠢ ᠣᠶᠢᠯᠠᠭᠠᠵᠤ᠂ ᠭᠡᠷᠡᠯ ᠵᠢᠷᠤᠭ ᠤᠨ ᠦᠵᠡᠭᠦᠯᠭᠡ ᠶᠢ ᠰᠣᠨᠢᠷᠬᠠᠵᠤ ᠪᠣᠯᠣᠨ᠎ᠠ᠃ ᠷᠠᠰᠢᠶᠠᠨ ᠬᠤᠳᠠ ᠮᠥᠨ ᠴᠠᠰᠤ ᠮᠥᠰᠥᠨ  ᠤ ᠳᠠᠪᠠᠭᠤᠯᠢᠭ ᠪᠠ ᠭᠠᠵᠠᠷ ᠣᠷᠣᠨ ᠤ ᠳᠠᠪᠠᠭᠤᠯᠢᠭ ᠲᠠᠭᠠᠨ ᠲᠦᠰᠢᠭᠯᠡᠨ᠂ ᠪᠡᠶ᠎ᠡ ᠲᠠᠮᠢᠷ ᠪᠣᠯᠣᠨ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠤᠯᠠᠮ ᠬᠥᠭᠵᠢᠶᠡᠨᠲᠡᠢ ᠪᠤᠯᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号