14 ᠭᠠᠵᠠᠷ ᠣᠷᠣᠨ ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ  ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠨᠡᠷᠡᠶᠢᠳᠬᠦ ᠨᠡᠷᠡᠰ ᠲᠤ ᠲᠣᠳᠣᠷᠠᠪᠠ
ᠨᠡᠶᠢᠲᠡᠯᠡᠭᠰᠡᠨ ᠴᠠᠭ᠄
2023/12/26
     ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠬᠡᠨ ︽ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠪᠠ ︿ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ﹀ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠨᠡᠷᠡᠶᠢᠳᠬᠦ ᠲᠤᠬᠠᠢ ᠠᠯᠪᠠᠨ ᠵᠠᠷ︾ ᠨᠡᠶᠢᠲᠡᠯᠡᠵᠦ᠂ ᠪᠦᠭᠦ ᠣᠷᠣᠨ ᠤ 14 ᠭᠠᠵᠠᠷ ᠣᠷᠣᠨ ᠲᠦᠷᠦᠭᠦᠸ ᠪᠦᠯᠦᠭ ᠤᠨ ᠥᠪᠡᠷᠲᠡᠭᠡᠨ ᠵᠠᠰᠠᠬᠤ ᠣᠷᠣᠨ  ᠤ ᠲᠠᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠨᠡᠷᠡᠶᠢᠳᠬᠦ ᠨᠡᠷᠡᠰ ᠲᠤ ᠲᠣᠳᠣᠷᠠᠪᠠ᠃      ᠲᠤᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠭᠦᠭᠡᠬᠤᠲᠠ ᠶᠢᠨ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠡᠷᠭᠦᠨ᠎ᠡ ᠬᠤᠳᠠ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠤᠯᠠᠭᠠᠢ ᠬᠠᠮᠢᠶᠠᠷᠤᠯᠲᠠ ᠶᠢᠨ ᠲᠣᠭᠤᠷᠢᠭ᠂ ᠵᠢᠨᠢᠩ ᠲᠣᠭᠤᠷᠢᠭ᠂ ᠦᠦᠰᠢᠨ ᠬᠤᠰᠢᠭᠤ᠂ ᠬᠠᠩᠭᠢᠨ ᠬᠤᠰᠢᠭᠤ ᠵᠡᠷᠭᠡ 8 ᠭᠠᠵᠠᠷ ᠢ ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠮᠢ ᠠᠬᠤᠢ  ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠲᠣᠭᠤᠷᠢᠭ ᠢᠶᠠᠷ ᠨᠡᠷᠡᠶᠢᠳᠴᠦ᠂ ᠭᠦᠭᠡᠬᠤᠲᠠ ᠵᠢᠨ‌ᠬᠤᠲᠣᠩ ᠠᠷᠠᠳ ᠤᠨ ᠲᠣᠭᠤᠷᠢᠭ᠂ ᠲᠦᠮᠡᠳ ᠪᠠᠷᠠᠭᠤᠨ ᠬᠤᠰᠢᠭᠤᠨ ᠤ ᠭᠧᠦ ᠮᠧᠨ ᠪᠠᠯᠭᠠᠰᠤ  ᠪᠣᠯᠣᠨ ᠮᠠᠶᠢᠳᠠᠷ ᠵᠤᠤ ᠪᠠᠯᠭᠠᠰᠤ᠂ ᠲᠤᠯᠤᠨ ᠨᠤᠤᠷ ᠰᠢᠶᠠᠨ᠂ ᠳᠥᠷᠪᠡᠳ ᠬᠤᠰᠢᠭᠤ᠂ ᠵᠡᠭᠦᠨᠭᠠᠷ ᠬᠤᠰᠢᠭᠤᠨ ᠤ ᠵᠡᠭᠦᠨᠭᠠᠷ ᠤᠨ ᠡᠨᠧᠷᠭᠢ  ᠶᠢᠨ ᠠᠮᠢ ᠠᠬᠤᠢ ᠶᠢᠨ ᠵᠢᠱᠢᠶ᠎ᠡ ᠦᠵᠡᠭᠦᠯᠭᠦ ᠲᠣᠭᠤᠷᠢᠭ᠂ ᠬᠠᠩᠭᠢᠨ ᠬᠤᠶᠢᠲᠤ ᠬᠤᠰᠢᠭᠤᠨ ᠤ ᠱᠤᠸᠠᠩ ᠮᠢᠶᠣᠣ ᠪᠠᠯᠭᠠᠰᠤ ᠵᠡᠷᠭᠡ 6 ᠭᠠᠵᠠᠷ ᠢ ᠲᠦᠷᠦᠭᠦᠦ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢᠶᠠᠷ ᠨᠡᠷᠡᠶᠢᠳᠦᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠮᠠᠨ ᠤ ᠣᠷᠣᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠪᠦᠭᠦ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠦᠭᠡᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠳᠡᠰ ᠤᠨ ︿ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ﹀ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠡᠭᠦᠳᠦᠨ ᠪᠠᠶᠢᠭᠤᠯᠬᠤ ᠢᠳᠡᠪᠬᠢᠵᠢᠯ ᠢᠶᠠᠷ ᠥᠨᠳᠥᠷ᠂ ᠨᠥᠬᠦᠴᠡᠯ ᠢᠶᠠᠷ ᠨᠡᠯᠢᠶᠡᠳ ᠰᠠᠶᠢᠨ ᠭᠠᠵᠠᠷ ᠣᠷᠣᠨ ᠢ ᠰᠢᠨᠵᠢᠯᠡᠬᠦ ᠤᠬᠠᠭᠠᠨᠴᠢ ᠪᠠᠷ ᠭᠤᠣᠯᠳᠠᠯᠭ᠎ᠠ ᠲᠠᠢ ᠬᠥᠲᠥᠯᠥᠨ ᠵᠢᠯᠤᠭᠤᠳᠴᠤ᠂ ᠠᠳᠠᠯᠢ ᠪᠤᠰᠤ ᠭᠠᠵᠠᠷ ᠣᠷᠣᠨ ᠳᠤ ᠴᠢᠭᠯᠡᠭᠦᠯᠦᠨ ᠨᠠᠷᠢᠯᠢᠭ ᠣᠨᠣᠴᠠᠲᠠᠢ ᠪᠠᠷ ᠬᠦᠴᠦᠯᠡᠨ᠂ ᠤᠯᠤᠰ ᠤᠨ ᠭᠦᠢᠴᠡᠳᠬᠡᠯ ᠲᠤᠭ᠎ᠠ ᠲᠠᠢ ᠨᠢᠭᠲᠠ ᠤᠶᠠᠯᠳᠤᠭᠤᠯᠤᠨ ᠴᠢᠩᠭ᠎ᠠ ᠱᠠᠭᠠᠷᠳᠠᠵᠤ᠂ ᠨᠡᠶᠢᠲᠡᠯᠢᠭ ᠵᠢᠱᠢᠶ᠎ᠡ ᠶᠢ ᠰᠢᠯᠢᠨ ᠰᠣᠩᠭᠤᠵᠤ᠂ ᠥᠪᠥᠷ ᠮᠣᠩᠭᠤᠯ  ᠤᠨ ᠣᠨᠴᠠᠯᠢᠭ ᠪᠦᠬᠦᠢ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠭᠦ ᠣᠷᠣᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ︽ᠰᠢᠨ᠎ᠡ︾ ᠥᠯᠢᠭᠡᠷ  ᠵᠢᠱᠢᠶ᠎ᠡ ᠶᠢ ᠪᠤᠶ ᠪᠤᠯᠭᠠᠬᠤ ᠪᠠᠷ ᠴᠢᠷᠮᠠᠶᠢᠵᠤ ᠪᠤᠢ᠃      ᠣᠳᠣᠬᠠᠨ ᠪᠤᠯᠲᠠᠯ᠎ᠠ᠂ ᠮᠠᠨ ᠤ ᠣᠷᠣᠨ ᠨᠢᠭᠡᠨᠲᠡ 13 ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠪᠠ 10 ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号