| | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ | ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠠᠴᠠ ᠵᠠᠰᠠᠪᠤᠷᠢ ᠣᠷᠣᠭᠤᠯᠵᠤ ᠪᠠᠲᠤᠯᠠᠭᠰᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠢᠳᠡᠭᠡᠨ ᠤᠮᠳᠠᠭᠠᠨ ᠤ ᠵᠢᠵᠢᠭ | ᠳᠡᠯᠭᠡᠭᠦᠷ ᠰᠤᠯᠠ ᠢᠳᠡᠭᠡᠨ ᠤ ᠵᠢᠵᠢᠭ ᠳᠡᠯᠭᠡᠭᠦᠷ ᠪᠠ ᠢᠳᠡᠭᠡᠨ ᠤ ᠶᠠᠭᠠᠷᠮᠠᠭ ᠤᠨ ᠬᠤᠳᠠᠯᠳᠤᠭᠠᠴᠢᠨ ᠤ | ᠬᠠᠮᠢᠶᠠᠷᠤᠯᠲᠠ ᠶᠢᠨ ᠳᠦᠷᠢᠮ︾ ︵︽ᠳᠦᠷᠢᠮ︾ ᠭᠡᠵᠦ ᠲᠣᠪᠴᠢᠯᠠᠨ᠎ᠠ︶ ᠢ 2024 ᠣᠨ ᠤ 3 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠵᠦ᠂ ᠢᠳᠡᠭᠡᠨ ᠤ ᠵᠢᠵᠢᠭ ᠦᠢᠯᠡᠳᠬᠡᠯ᠂ ᠢᠳᠡᠭᠡᠨ ᠤᠮᠳᠠᠭᠠᠨ ᠤ ᠵᠢᠵᠢᠭ ᠳᠡᠯᠭᠡᠭᠦᠷ᠂ | ᠰᠤᠯᠠ ᠢᠳᠡᠭᠡᠨ ᠤ ᠵᠢᠵᠢᠭ ᠳᠡᠯᠭᠡᠭᠦᠷ ᠪᠠ ᠢᠳᠡᠭᠡᠨ ᠤ ᠶᠠᠭᠠᠷᠮᠠᠭ ᠤᠨ ᠬᠤᠳᠠᠯᠳᠤᠭᠠᠴᠢᠨ ᠤ ᠦᠢᠯᠡᠳᠪᠦᠷᠢᠯᠡᠯ | ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢᠨ ᠪᠡᠷᠬᠡ | ᠠᠰᠠᠭᠤᠳᠠᠯ ᠪᠠ ᠬᠤᠭᠤᠰᠤᠨ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠣᠯᠣᠨ᠎ᠠ᠃ | | | ᠣᠶᠢᠷ᠎ᠠ ᠶᠢᠨ ᠵᠢᠯ ᠤᠳ ᠲᠤ ᠠᠵᠤ ᠠᠬᠤᠢ ᠨᠡᠶᠢᠭᠡᠮ ᠤᠨ ᠲᠠᠰᠤᠷᠠᠯᠲᠠ ᠦᠭᠡᠢ ᠬᠥᠭᠵᠢᠬᠦ᠂ ᠢᠯᠠᠩᠭᠤᠶ᠎ᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠳᠤ ᠣᠯᠠᠨ | ᠤᠳᠠᠭ᠎ᠠ ᠵᠠᠰᠠᠪᠤᠷᠢ ᠣᠷᠣᠭᠤᠯᠬᠤ ᠶᠢ ᠳᠠᠭᠠᠯᠳᠤᠨ᠂ 2015 ᠣᠨ ᠳᠤ ᠨᠡᠶᠢᠲᠡᠯᠡᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠪᠠ ᠢᠳᠡᠭᠡᠨ ᠤ | ᠶᠠᠭᠠᠷᠮᠠᠭ ᠤᠨ ᠬᠤᠳᠠᠯᠳᠤᠭᠠᠴᠢᠨ ᠤ ᠬᠠᠮᠢᠶᠠᠷᠤᠯᠲᠠ ᠶᠢᠨ ᠳᠦᠷᠢᠮ︾ ᠨᠢ ᠨᠢᠭᠡᠨᠲᠡ ᠰᠢᠨ᠎ᠡ ᠪᠠᠶᠢᠳᠠᠯ ᠳᠤ ᠵᠣᠬᠢᠴᠠᠬᠤ | ᠦᠭᠡᠢ ᠪᠣᠯᠵᠠᠢ᠃ ᠲᠣᠰ ᠤᠳᠠᠭ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ︽ᠳᠦᠷᠢᠮ︾ ᠨᠢ ᠬᠡᠷᠡᠭᠵᠢᠭᠦᠯᠬᠦ | ᠬᠡᠪᠴᠢᠶ᠎ᠡ ᠶᠢ ᠥᠷᠭᠡᠳᠬᠡᠭᠰᠡᠨ ᠢᠶᠠᠷ ᠪᠠᠷᠠᠬᠤ ᠦᠭᠡᠢ᠂ ᠢᠳᠡᠭᠡᠨ ᠤᠮᠳᠠᠭᠠᠨ ᠤ ᠵᠢᠵᠢᠭ ᠳᠡᠯᠭᠡᠭᠦᠷ᠂ ᠰᠤᠯᠠ ᠢᠳᠡᠭᠡᠨ ᠤ | ᠵᠢᠵᠢᠭ ᠳᠡᠯᠭᠡᠭᠦᠷ ᠢ ᠬᠢᠨᠠᠨ ᠬᠠᠮᠢᠶᠠᠷᠬᠤ ᠬᠡᠪᠴᠢᠶᠡᠨ ᠳᠤ ᠣᠷᠣᠭᠤᠯᠵᠤ᠂ ᠰᠦᠯᠵᠢᠶᠡᠨ ᠳᠡᠭᠡᠷᠡᠬᠢ ᠢᠳᠡᠭᠡᠨ ᠤ | ᠡᠵᠡᠩᠨᠡᠯᠲᠡ ᠶᠢᠨ ᠵᠦᠢᠯ ᠵᠤᠷᠪᠤᠰ ᠢ ᠨᠡᠮᠡᠵᠦ᠂ ᠵᠢᠵᠢᠭ ᠬᠡᠪᠴᠢᠶᠡᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ | ᠪᠡᠶᠡᠴᠢ ᠴᠣᠭᠴᠠ ᠶᠢᠨ ᠰᠦᠯᠵᠢᠶᠡᠨ ᠤ ᠡᠵᠡᠩᠨᠡᠯᠲᠡ ᠬᠢᠬᠦ ᠳᠤ ᠵᠢᠷᠤᠮᠯᠠᠬᠤ ᠬᠠᠤᠯᠢ ᠲᠠᠢ ᠪᠣᠯᠭᠠᠵᠠᠢ᠃ ᠡᠭᠦᠨ ᠤ | ᠬᠠᠮᠲᠤ ᠦᠢᠯᠡᠳᠪᠦᠷᠢᠯᠡᠨ ᠡᠵᠡᠩᠨᠡᠭᠴᠢ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ | ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠲᠣᠳᠣᠷᠬᠠᠶᠢᠯᠠᠵᠤ᠂ ᠢᠳᠡᠭᠡᠨ ᠤ ᠵᠢᠵᠢᠭ ᠦᠢᠯᠡᠳᠬᠡᠯ᠂ ᠢᠳᠡᠭᠡᠨ | ᠤᠮᠳᠠᠭᠠᠨ ᠤ ᠵᠢᠵᠢᠭ ᠳᠡᠯᠭᠡᠭᠦᠷ᠂ ᠰᠤᠯᠠ ᠢᠳᠡᠭᠡᠨ ᠤ ᠵᠢᠵᠢᠭ ᠳᠡᠯᠭᠡᠭᠦᠷ ᠪᠠ ᠢᠳᠡᠭᠡᠨ ᠤ ᠶᠠᠭᠠᠷᠮᠠᠭ ᠤᠨ | ᠬᠤᠳᠠᠯᠳᠤᠭᠠᠴᠢᠨ ᠪᠣᠯ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠮᠥᠨ᠂ ᠦᠢᠯᠡᠳᠪᠦᠷᠢᠯᠡᠵᠦ | ᠡᠵᠡᠩᠨᠡᠬᠦ ᠢᠳᠡᠭᠡᠨ ᠤ ᠪᠠᠨ ᠠᠮᠤᠷ ᠲᠦᠪᠰᠢᠨ ᠳᠤ ᠬᠠᠷᠢᠭᠤᠴᠠᠨ᠎ᠠ ᠭᠡᠵᠦ ᠲᠣᠭᠲᠠᠭᠠᠵᠠᠢ᠃ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠪᠦᠷᠢᠳᠬᠡᠨ ᠳᠠᠩᠰᠠᠯᠠᠭᠤᠯᠬᠤ ᠶᠢ ᠬᠡᠷᠡᠭᠵᠢᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠤ | ᠬᠠᠮᠲᠤ ᠪᠦᠷᠢᠳᠬᠡᠨ ᠳᠠᠩᠰᠠᠯᠠᠭᠤᠯᠬᠤ ᠶᠢ ᠬᠡᠷᠡᠭᠵᠢᠭᠦᠯᠬᠦ ᠳᠤ ᠶᠠᠮᠠᠷᠪᠠ ᠵᠠᠷᠤᠳᠠᠯ ᠬᠤᠷᠢᠶᠠᠬᠤ ᠪᠤᠶᠤ ᠭᠡᠯᠪᠡᠷᠢ ᠶᠢ ᠨᠢ | ᠥᠭᠡᠷᠡᠲᠦᠭᠦᠯᠦᠨ ᠬᠤᠷᠢᠶᠠᠵᠤ ᠪᠤᠯᠬᠤ ᠦᠭᠡᠢ᠂ ᠥᠯᠢᠭᠡᠷ ᠠᠪᠴᠤ ᠰᠢᠯᠭᠠᠨ ᠪᠠᠶᠢᠴᠠᠭᠠᠬᠤ ᠳᠤ ᠥᠯᠢᠭᠡᠷ ᠡᠳ᠋ ᠤᠨ | ᠵᠠᠷᠤᠳᠠᠯ ᠮᠥᠩᠭᠦ ᠶᠢ ᠬᠤᠷᠢᠶᠠᠵᠤ᠂ ᠰᠢᠯᠭᠠᠨ ᠪᠠᠶᠢᠴᠠᠭᠠᠬᠤ ᠵᠠᠷᠤᠳᠠᠯ ᠪᠠ ᠪᠤᠰᠤᠳ ᠵᠠᠷᠤᠳᠠᠯ ᠬᠤᠷᠢᠶᠠᠵᠤ ᠪᠤᠯᠬᠤ | ᠦᠭᠡᠢ ᠵᠡᠷᠭᠡ ᠠᠭᠤᠯᠭ᠎ᠠ ᠶᠢ ᠲᠣᠭᠲᠠᠭᠠᠵᠠᠢ᠃ | | ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ |