9074 ᠳ᠋ᠦᠩᠰᠢᠭᠤᠷ ᠲᠥᠭᠦᠷᠢᠭ᠄ ᠠᠵᠤ ᠦᠢᠯᠡᠳᠪᠦᠷᠢ ᠶᠢᠨ ᠬᠦᠷᠢᠶᠡᠨ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠤ ᠠᠪᠴᠢᠷᠠᠭᠰᠠᠨ ᠬᠡᠪᠴᠢᠶ᠎ᠡ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/12/26
     - 2023 ᠣᠨ ᠤ ᠡᠷᠭᠢᠴᠡᠭᠦᠯᠦᠯ • ᠰᠢᠷᠢᠰ ᠮᠡᠳᠡᠭᠡᠯᠡᠯ ②      ︽2023 ᠣᠨ ᠳᠤ ᠮᠠᠨ ᠤ ᠣᠷᠣᠨ ᠠᠷᠠᠯᠵᠢᠶᠠᠴᠢᠨ ᠤᠷᠢᠬᠤ ᠠᠷᠭ᠎ᠠ ᠪᠠᠷ ᠠᠵᠤ ᠦᠢᠯᠡᠳᠪᠦᠷᠢ ᠶᠢᠨ ᠬᠦᠷᠢᠶᠡᠨ ᠳᠤ 286 ᠲᠦᠷᠦᠯ ᠵᠦᠢᠯ ᠢ ᠣᠷᠣᠭᠤᠯᠤᠨ ᠠᠪᠴᠢᠷᠠᠵᠤ᠂ 9074 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢᠨ ᠭᠡᠷ᠎ᠡ ᠲᠣᠬᠢᠷᠠᠯᠴᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠡᠦᠬᠡᠨ ᠰᠢᠨ᠎ᠡ ᠲᠡᠮᠳᠡᠭᠯᠡᠯ ᠢ ᠡᠭᠦᠳᠴᠦ᠂ ᠲᠦᠷᠦᠭᠦᠤ 11 ᠰᠠᠷ᠎ᠠ ᠳᠤ ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ 37% ᠪᠠᠷ ᠨᠡᠮᠡᠭᠳᠡᠨ ᠪᠦᠭᠦ ᠤᠯᠤᠰ ᠲᠤ ᠳᠡᠳ᠋ᠯᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠳᠡᠳ᠋ ᠳᠠᠷᠤᠭ᠎ᠠ ᠵᠠᠩ ᠭᠤᠸᠠᠩ ᠱᠧᠦ ᠬᠡᠯᠡᠪᠡ᠃      ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ 37% ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 28 ᠬᠤᠪᠢ ᠳᠠᠪᠠᠵᠤ᠂ ᠪᠦᠭᠦ ᠤᠯᠤᠰ ᠤᠨ ᠬᠤᠶᠠᠳᠤᠭᠠᠷ ᠲᠤ ᠵᠢᠭᠰᠠᠪᠠ᠃ ᠡᠨᠡ ᠨᠢ ᠮᠠᠨ ᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠦᠷᠭᠦᠯᠵᠢᠯᠡᠬᠦ  ᠬᠥᠭᠵᠢᠯᠲᠡ ᠳᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠨᠠᠷᠢᠨ ᠨᠢᠭᠲᠠ ᠪᠠᠶᠢᠷᠢᠯᠠᠭᠤᠯᠵᠤ᠂ ᠪᠦᠭᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠪᠤᠯᠬᠤ ᠶᠤᠮᠰᠠᠨ᠃
     ᠡᠨᠡ ᠵᠢᠯ ᠤᠨ 1 ᠰᠠᠷ᠎ᠠ ᠶᠢᠨ 29 ᠤ ᠡᠳᠦᠷ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠶᠠᠪᠤᠭᠳᠠᠵᠤ᠂ ᠣᠷᠣᠨ ᠳᠠᠶᠠᠭᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠳᠠᠷᠠᠭ᠎ᠠ ᠨᠢ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023 - 2035 ᠣᠨ︶︾᠂ ︽2023 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠭᠤᠣᠯᠳᠠᠯᠭ᠎ᠠ︾ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠴᠢᠭᠯᠡᠯ ᠢ ᠲᠣᠳᠣᠷᠬᠠᠶᠢᠯᠠᠵᠠᠢ᠃ ᠡᠨᠡ ᠬᠦ ᠴᠢᠭᠯᠡᠯ ᠢᠶᠠᠷ ᠡᠯ᠎ᠡ ᠠᠶᠢᠮᠠᠭ ᠬᠤᠳᠠ ᠶᠢᠨ ᠬᠢᠨ ᠴᠤ ᠲᠤᠰ ᠲᠤᠰ ᠤᠨ ᠲᠥᠰᠥᠯ ᠲᠥᠯᠥᠪᠯᠡᠭᠡ ᠪᠠᠨ ᠲᠣᠭᠲᠠᠭᠠᠭᠰᠠᠨ ᠪᠠᠶᠢᠨ᠎ᠠ᠃      ᠰᠢᠨ᠎ᠡ ᠴᠠᠭ ᠦᠶ᠎ᠡ ᠶᠢᠨ ᠥᠪᠥᠷ ᠮᠣᠩᠭᠤᠯ ᠳᠤ ᠬᠢᠵᠠᠭᠠᠯᠠᠰᠢ ᠦᠭᠡᠢ ᠶᠡᠭᠡ ᠳᠠᠯᠳᠠ ᠬᠦᠴᠦᠨ᠂ ᠬᠢᠵᠠᠭᠠᠯᠠᠰᠢ ᠦᠭᠡᠢ ᠤᠯᠠᠨ ᠠᠷᠠᠯᠵᠢᠶᠠᠨ ᠤ ᠳᠤᠭᠢᠶᠠᠯ᠂ ᠬᠢᠵᠠᠭᠠᠯᠠᠰᠢ ᠦᠭᠡᠢ ᠶᠡᠭᠡ ᠠᠮᠢᠵᠢᠷᠠᠯ ᠤᠨ ᠬᠦᠴᠦᠨ ᠲᠠᠢ ᠪᠠᠶᠢᠵᠤ᠂ ᠡᠯ᠎ᠡ ᠡᠲᠡᠭᠡᠳ ᠤᠨ ᠪᠡᠯᠡ ᠣᠷᠣᠭᠤᠯᠵᠤ ᠦᠢᠯᠡᠰ ᠪᠣᠰᠬᠠᠬᠤ ᠰᠢᠮᠡᠯᠢᠭ ᠬᠥᠷᠥᠰᠥ᠂ ᠠᠵᠤ ᠦᠢᠯᠡᠰ ᠢᠶᠠᠨ ᠬᠥᠭᠵᠢᠭᠦᠯᠬᠦ ᠰᠢᠨ᠎ᠡ ᠥᠨᠳᠦᠷᠯᠢᠭ ᠪᠣᠯᠵᠤ ᠪᠠᠶᠢᠨ᠎ᠠ᠃ ᠡᠨᠡ ᠵᠢᠯ ᠤᠨ 7 ᠰᠠᠷ᠎ᠠ ᠳᠤ ᠭᠦᠭᠡᠬᠤᠳᠠ ᠳᠤ ᠶᠠᠪᠤᠭᠳᠠᠭᠰᠠᠨ 2023 ᠳᠤᠮᠳᠠᠳᠤ ᠤᠯᠤᠰ ᠤᠨ ᠠᠵᠤ ᠦᠢᠯᠡᠰ ᠢ ᠰᠢᠯᠵᠢᠭᠦᠯᠦᠨ ᠬᠥᠭᠵᠢᠭᠦᠯᠬᠦ ᠵᠤᠯᠭᠠᠯᠴᠠᠭᠠᠨ ᠤ ᠠᠵᠢᠯᠯᠠᠭ᠎ᠠ ︵ᠥᠪᠥᠷ ᠮᠣᠩᠭᠤᠯ︶ ᠪᠣᠯ ᠪᠦᠭᠦ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢᠨ ᠣᠯᠳᠠᠰᠢ ᠦᠭᠡᠢ ᠠᠵᠠ ᠲᠤᠭᠢᠶᠠᠯ ᠪᠣᠯᠵᠠᠢ᠃ ᠠᠵᠤ ᠦᠢᠯᠡᠰ ᠢ ᠡᠮᠬᠢ ᠵᠢᠷᠤᠮ ᠲᠠᠢ  ᠪᠠᠷ ᠰᠢᠯᠵᠢᠭᠦᠯᠬᠦ ᠪᠣᠯ ᠤᠯᠤᠰ ᠤᠨ ᠴᠢᠬᠤᠯᠠ ᠪᠣᠳᠣᠯᠭ᠎ᠠ ᠮᠥᠨ᠃ ᠥᠪᠥᠷ ᠮᠣᠩᠭᠤᠯ ᠤᠨ ᠬᠤᠪᠢ ᠳᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠨᠢ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠷᠭ᠎ᠠ ᠵᠡᠮ ᠪᠤᠯᠬᠤ ᠶᠤᠮ᠃ ᠲᠤᠰ ᠠᠵᠢᠯᠯᠠᠭ᠎ᠠ ᠳᠤ ᠮᠠᠨ ᠤ ᠣᠷᠣᠨ ᠶᠡᠷᠦᠩᠬᠡᠢ ᠪᠡᠯᠡ ᠤᠷᠤᠭᠤᠯᠤᠯᠳᠠ ᠨᠢ 4570 ᠳ᠋ᠦᠩᠰᠢᠭᠤᠷ ᠲᠥᠭᠦᠷᠢᠭ ᠲᠤ ᠬᠦᠷᠬᠦ ᠲᠡᠷᠢᠭᠦᠨ ᠤ ᠦᠢᠯᠡᠳᠬᠦ ᠦᠢᠯᠡᠰ ᠤᠨ 160 ᠲᠦᠷᠦᠯ ᠵᠦᠢᠯ ᠢ ᠣᠷᠣᠭᠤᠯᠤᠨ ᠠᠪᠴᠢᠷᠠᠬᠤ ᠭᠡᠷ᠎ᠡ ᠲᠣᠬᠢᠷᠠᠯᠴᠠᠵᠤ᠂ ᠤᠳᠤ 75 ᠲᠦᠷᠦᠯ ᠵᠦᠢᠯ ᠨᠢ ᠨᠢᠭᠡᠨᠲᠡ ᠪᠠᠷᠢᠯᠭ᠎ᠠ ᠡᠬᠢᠯᠡᠭᠰᠡᠨ ᠪᠠᠶᠢᠨ᠎ᠠ᠃ ᠡᠭᠦᠨ ᠳᠤ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠲᠤ ᠬᠤᠯᠪᠣᠭᠳᠠᠭᠰᠠᠨ ᠲᠦᠷᠦᠯ ᠵᠦᠢᠯ 124 ᠪᠠᠶᠢᠵᠤ᠂ 4044 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢᠨ ᠭᠡᠷ᠎ᠡ ᠲᠣᠬᠢᠷᠠᠯᠴᠠᠵᠤ᠂ ᠭᠡᠷ᠎ᠡ ᠲᠣᠬᠢᠷᠠᠯᠴᠠᠭᠰᠠᠨ ᠶᠡᠷᠦᠩᠬᠡᠢ ᠪᠡᠯᠡ ᠤᠷᠤᠭᠤᠯᠤᠯᠳᠠ ᠶᠢᠨ  88.5% ᠶᠢ ᠡᠵᠡᠯᠡᠪᠡ᠃      2023 ᠣᠨ ᠳᠤ᠂ ᠮᠠᠨ ᠤ ᠣᠷᠣᠨ 8 ᠶᠡᠭᠡ ᠠᠵᠤ ᠦᠢᠯᠡᠰ ᠤᠨ ᠪᠦᠯᠦᠭᠵᠢᠯ ᠪᠠ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ  ᠬᠤᠭᠤᠰᠤᠨ ᠪᠠ  ᠳᠤᠲᠠᠭᠤᠳᠠᠯ ᠢ ᠨᠥᠬᠦᠪᠦᠷᠢᠯᠡᠬᠦ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠬᠤ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ︽ᠭᠠᠳᠠᠭᠰᠢ ᠭᠠᠷᠴᠤ︾ ᠠᠷᠠᠯᠵᠢᠶᠠᠴᠢᠨ ᠤᠷᠢᠬᠤ ᠶᠢ ᠱᠠᠭᠠᠷᠳᠠᠵᠠᠢ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠬᠤᠯᠪᠣᠭᠳᠠᠯ ᠪᠦᠬᠦᠢ ᠠᠶᠢᠮᠠᠭ ᠬᠤᠳᠠ ᠪᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠡᠭᠡᠵᠢᠩ᠂ ᠵᠢᠶᠠᠩᠰᠤ᠂ ᠵᠧᠵᠢᠶᠠᠩ᠂ ᠱᠠᠩᠬᠠᠢ᠂ ᠭᠤᠸᠠᠩᠳᠦ᠋ᠩ᠂ ᠬᠤᠨᠠᠨ᠂ ᠴᠦᠩᠴᠢᠩ᠂ ᠱᠧᠨᠵᠧᠨ ᠵᠡᠷᠭᠡ ᠦᠢᠯᠡᠳᠬᠦ ᠦᠢᠯᠡᠰ ᠬᠥᠭᠵᠢᠭᠰᠡᠨ ᠮᠤᠵᠢ ᠬᠤᠳᠠ ᠳᠤ ᠬᠦᠷᠴᠦ 20 ᠭᠠᠷᠤᠢ ᠤᠳᠠᠭ᠎ᠠ ᠶᠢᠨ ︽ᠨᠢᠭᠡ ᠨᠢᠭᠡ ᠪᠠᠷ ᠬᠠᠷᠢᠯᠴᠠᠭᠰᠠᠨ︾ ᠴᠢᠭᠯᠡᠭᠦᠯᠦᠯᠲᠦ ᠴᠢᠨᠠᠷᠲᠠᠢ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠨᠡᠶᠢᠳᠡ 126 ᠲᠦᠷᠦᠯ ᠵᠦᠢᠯ ᠢ ᠣᠷᠣᠭᠤᠯᠤᠨ ᠠᠪᠴᠢᠷᠠᠬᠤ ᠭᠡᠷ᠎ᠡ ᠲᠣᠬᠢᠷᠠᠯᠴᠠᠨ᠂ ᠭᠡᠷ᠎ᠡ ᠲᠣᠬᠢᠷᠠᠯᠴᠠᠭᠰᠠᠨ ᠶᠡᠷᠦᠩᠬᠡᠢ ᠪᠡᠯᠡ ᠤᠷᠤᠭᠤᠯᠤᠯᠳᠠ ᠨᠢ 4500 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡ ᠪᠦᠯᠦᠭ ᠬᠡᠪᠴᠢᠶ᠎ᠡ ᠪᠠᠷ ᠶᠡᠭᠡ᠂ ᠪᠦᠲᠦᠴᠡ ᠨᠢ ᠰᠢᠯᠢᠳᠡᠭ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠡᠷᠢᠭᠦᠨ ᠤ ᠦᠢᠯᠡᠳᠬᠦ ᠦᠢᠯᠡᠰ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ ᠨᠤᠲᠤᠭᠰᠢᠭᠤᠯᠤᠨ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢ ᠬᠤᠪᠢᠷᠠᠭᠤᠯᠤᠨ ᠳᠡᠰ ᠳᠡᠪᠰᠢᠭᠦᠯᠬᠦ ᠳᠤ  ᠴᠢᠩᠭ᠎ᠠ ᠡᠷᠴᠢᠮᠲᠡᠢ ᠪᠥᠭᠡᠳ ᠤᠳᠠᠭᠠᠨ ᠳᠠᠭᠠᠭᠠᠮᠠᠭᠠᠢ ᠬᠥᠳᠡᠯᠭᠡᠬᠦ ᠡᠨᠧᠷᠭᠢ ᠨᠡᠮᠡᠷᠢᠯᠡᠭᠰᠡᠨ ᠪᠢᠯᠡ᠃      ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠪᠣᠯ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ ᠴᠢᠨᠠᠷ ᠰᠠᠶᠢᠲᠠᠢ ᠬᠥᠭᠵᠢᠯᠲᠡ‌‍ᠶᠢ ᠠᠬᠢᠭᠤᠯᠬᠤ ᠶᠢᠨ ᠴᠢᠬᠤᠯᠠ ᠬᠥᠳᠡᠯᠭᠡᠭᠦᠷ ᠮᠥᠨ᠃ ᠠᠷᠠᠯᠵᠢᠶᠠᠴᠢᠨ ᠤᠷᠢᠬᠤ ᠶᠢᠨ ᠵᠣᠷᠢᠯᠭ᠎ᠠ ᠨᠢ ᠪᠡᠯᠡ ᠮᠥᠩᠭᠦ ᠣᠷᠣᠭᠤᠯᠤᠨ ᠠᠪᠴᠢᠷᠠᠬᠤ ᠳᠤ ᠪᠠᠶᠢᠵᠤ᠂ ᠪᠡᠯᠡ ᠮᠥᠩᠭᠦ ᠣᠷᠣᠭᠤᠯᠤᠨ ᠠᠪᠴᠢᠷᠠᠬᠤ ᠶᠢᠨ ᠵᠣᠷᠢᠯᠭ᠎ᠠ ᠨᠢ ᠲᠦᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ  ᠪᠤᠵᠠᠭᠠᠶᠢᠷᠠᠭᠤᠯᠬᠤ ᠶᠢᠨ ᠲᠥᠯᠥᠭᠡ ᠶᠤᠮ᠃ ︽ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠢᠷᠢᠰ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠪᠡᠯᠡ ᠮᠥᠩᠭᠦ ᠶᠢᠨ ᠳᠡᠮᠵᠢᠯᠭᠡ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠠᠨ ᠡᠰᠢᠵᠢᠨ ᠬᠥᠭᠵᠢᠵᠦ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠰᠢᠰᠲ᠋ᠧᠮ ᠢ ᠴᠣᠭᠴᠠᠯᠠᠬᠤ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠪᠠ︾ ᠭᠡᠵᠦ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠪᠡᠯᠡ ᠤᠷᠤᠭᠤᠯᠤᠯᠳᠠ ᠪᠠ ᠲᠥᠯᠦᠪᠵᠢᠭᠦᠯᠭᠡ ᠶᠢᠨ ᠭᠠᠵᠠᠷ ᠤᠨ ᠳᠠᠷᠤᠭ᠎ᠠ ᠵᠠᠩ ᠵᠢᠦᠢ ᠹᠦ᠋ ᠲᠠᠨᠢᠯᠴᠠᠭᠤᠯᠤᠯ᠎ᠠ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠲᠠᠢ 1164 ᠠᠵᠤ ᠦᠢᠯᠡᠳᠪᠦᠷᠢ ᠶᠢᠨ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠨᠢᠳᠤᠨᠤᠨ ᠤ ᠬᠢ ᠠᠴᠠ 144 ᠨᠡᠮᠡᠭᠳᠡᠨ᠂ ᠶᠡᠷᠦᠩᠬᠡᠢ ᠪᠡᠯᠡ ᠤᠷᠤᠭᠤᠯᠤᠯᠳᠠ ᠨᠢ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 6000 ᠳ᠋ᠦᠩᠰᠢᠭᠤᠷ ᠲᠥᠭᠦᠷᠢᠭ ᠨᠡᠮᠡᠭᠳᠡᠵᠡᠢ᠃ 11 ᠰᠠᠷ᠎ᠠ  ᠶᠢᠨ ᠰᠡᠭᠦᠯᠴᠢ ᠪᠤᠯᠳᠠᠯ᠎ᠠ ᠨᠡᠶᠢᠳᠡ 1163 ᠲᠦᠷᠦᠯ ᠵᠦᠢᠯ ᠪᠠᠷᠢᠯᠭ᠎ᠠ ᠪᠠᠨ ᠡᠬᠢᠯᠡᠭᠦᠯᠦᠭᠰᠡᠨ ᠪᠤᠶᠤ ᠪᠠᠷᠢᠯᠭ᠎ᠠ ᠪᠠᠨ ᠰᠡᠷᠭᠦᠭᠡᠵᠦ᠂ ᠨᠢᠭᠡᠨᠲᠡ 4992.6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠂ 384 ᠲᠦᠷᠦᠯ ᠵᠦᠢᠯ ᠨᠢ ᠪᠠᠷᠢᠯᠭ᠎ᠠ ᠳᠠᠭᠤᠰᠴᠤ ᠵᠠᠯᠭᠠᠭ᠎ᠠ ᠪᠠᠷ ᠠᠰᠢᠭᠯᠠᠯᠲᠠ ᠳᠤ ᠣᠷᠣᠵᠤ ᠡᠬᠢᠯᠡᠪᠡ᠃ ᠡᠭᠦᠨ ᠳᠤ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ 658 ᠲᠦᠷᠦᠯ ᠵᠦᠢᠯ ᠢ ᠠᠬᠢᠭᠤᠯᠤᠨ ᠬᠡᠷᠡᠭᠵᠢᠭᠦᠯᠵᠦ᠂ ᠶᠡᠷᠦᠩᠬᠡᠢ ᠪᠡᠯᠡ ᠤᠷᠤᠭᠤᠯᠤᠯᠳᠠ ᠨᠢ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 200 ᠲᠦᠷᠦᠯ ᠵᠦᠢᠯ ᠨᠢ ᠨᠢᠭᠡᠨᠲᠡ ᠪᠠᠷᠢᠯᠭ᠎ᠠ ᠳᠠᠭᠤᠰᠤᠨ ᠠᠰᠢᠭᠯᠠᠯᠲᠠ ᠳᠤ ᠣᠷᠣᠵᠤ᠂ ᠵᠢᠯ ᠤᠨ ᠦᠢᠯᠡᠳᠬᠦᠨ ᠤ ᠦᠷᠳᠡᠭ ᠨᠢ 5600 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号