ᠮᠠᠨ ᠤ ᠣᠷᠣᠨ 53 ᠲᠣᠨ ᠬᠢᠷᠢ ᠲᠡᠩᠴᠡᠬᠦ ᠦᠭᠡᠢ ᠡᠮ ᠤᠨ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/12/27
     ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2023 ᠣᠨ ᠤ ︽ᠪᠦᠭᠦ ᠤᠯᠤᠰ ᠤᠨ ᠠᠮᠤᠷ ᠲᠦᠪᠰᠢᠨ ᠢᠶᠠᠷ ᠡᠮ ᠬᠡᠷᠡᠭᠯᠡᠬᠦ ᠰᠠᠷ᠎ᠠ︾ ᠶᠢᠨ ᠬᠢᠷᠢ ᠲᠡᠩᠴᠡᠬᠦ ᠦᠭᠡᠢ ᠡᠮ ᠤᠨ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠬᠦ ᠠᠵᠢᠯᠯᠠᠭ᠎ᠠ ᠥᠷᠨᠢᠭᠦᠯᠪᠡ᠃     ᠠᠵᠢᠯᠯᠠᠭᠠᠨ ᠤ ᠲᠤᠬᠠᠢ ᠶᠢᠨ ᠲᠠᠯᠠᠪᠤᠷ ᠲᠤ ᠬᠤᠭᠤᠴᠠᠭ᠎ᠠ ᠨᠢ ᠬᠡᠲᠦᠷᠡᠭᠰᠡᠨ ᠵᠡᠷᠭᠡ 53 ᠲᠣᠨ ᠬᠢᠷᠢ ᠲᠡᠩᠴᠡᠬᠦ ᠦᠭᠡᠢ ᠡᠮ ᠤᠨ ᠵᠦᠢᠯᠡᠰ ᠢ ᠰᠢᠢᠳᠪᠦᠷᠢᠯᠡᠵᠦ᠂ ᠪᠠᠷᠠᠭᠠᠨ ᠤ ᠥᠷᠲᠡᠭ ᠨᠢ 400 ᠭᠠᠷᠤᠢ ᠲᠦᠮᠡᠨ ᠲᠥᠭᠦᠷᠢᠭ ᠲᠤ ᠬᠦᠷᠴᠦ᠂ 2932 ᠲᠥᠷᠥᠯ ᠵᠦᠢᠯ ᠳᠤ ᠬᠤᠯᠪᠣᠭᠳᠠᠵᠠᠢ᠃ ᠭᠤᠣᠯᠳᠠᠭᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠷᠢᠶᠠᠨ ᠠᠪᠤᠭᠰᠠᠨ ᠬᠢᠷᠢ ᠲᠡᠩᠴᠡᠬᠦ ᠦᠭᠡᠢ ᠡᠮ ᠤᠨ ᠵᠦᠢᠯᠡᠰ ᠪᠠ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ ᠶᠢᠨ ᠡᠮ ᠤᠨ ᠵᠦᠢᠯᠡᠰ ᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠠ ᠡᠮ ᠤᠨ ᠵᠦᠢᠯᠡᠰ ᠢ ᠰᠤᠯᠠ ᠪᠠᠷ ᠬᠤᠳᠠᠯᠳᠤᠬᠤ ᠬᠡᠯᠬᠢᠶ᠎ᠡ ᠳᠡᠯᠭᠡᠭᠦᠷ ᠤᠨ ᠶᠡᠷᠦᠩᠬᠡᠢ ᠬᠡᠯᠲᠡᠰ ᠤᠨ ᠬᠥᠮᠥᠷᠭᠡ ᠳᠤ ᠬᠠᠳᠠᠭᠠᠯᠠᠵᠤ ᠪᠠᠶᠢᠭ᠎ᠠ ᠬᠤᠭᠤᠴᠠᠭ᠎ᠠ ᠨᠢ ᠬᠡᠲᠦᠷᠡᠵᠦ ᠬᠦᠴᠦᠨ ᠦᠭᠡᠢ ᠪᠣᠯᠤᠭᠰᠠᠨ ᠡᠮ ᠤᠨ ᠵᠦᠢᠯᠡᠰ ᠪᠣᠯᠣᠨ᠎ᠠ᠃ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠲᠥᠪᠯᠡᠷᠡᠭᠦᠯᠦᠨ ᠰᠢᠢᠳᠪᠦᠷᠢᠯᠡᠬᠦ ᠠᠵᠢᠯᠯᠠᠭ᠎ᠠ ᠪᠣᠯ ᠨᠢᠭᠡ ᠤᠳᠠᠭᠠᠨ ᠤ ︽ᠠᠮᠤᠷ ᠲᠦᠪᠰᠢᠨ ᠢᠶᠠᠷ ᠡᠮ ᠬᠡᠷᠡᠭᠯᠡᠬᠦ᠂ ᠠᠷᠠᠳ ᠲᠦᠮᠡᠨ ᠤ ᠡᠷᠡᠭᠦᠯ ᠮᠨᠨᠳᠦ ᠶᠢᠨ ᠲᠥᠯᠥᠭᠡ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠤᠯᠬᠤ ᠪᠠᠷ ᠪᠠᠷᠠᠬᠤ ᠦᠭᠡᠢ ᠪᠠᠰᠠ ᠴᠤ ᠡᠮ ᠤᠨ ᠵᠦᠢᠯᠡᠰ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠦᠴᠦᠲᠡᠢ ᠰᠦᠷᠳᠡᠭᠦᠯᠦᠯ ᠪᠣᠯᠵᠤ᠂ ᠨᠠᠩ ᠴᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ  ᠶᠢᠨ ᠲᠣᠪᠴᠢᠶ᠎ᠠ ᠶᠢᠨ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠢ ᠦᠷ᠎ᠡ ᠪᠦᠲᠦᠮᠵᠢ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号