ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄  ᠦᠰᠦᠭ ᠪᠢᠴᠢᠭ ᠤᠨ ᠲᠠᠶᠢᠯᠪᠤᠷᠢ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 11 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2023/12/27
    10 ᠰᠠᠷ᠎ᠠ ᠶᠢᠨ 21 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 11 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃          ᠨᠢᠭᠡ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾︵ᠳᠣᠷᠣᠭᠰᠢ︽ᠰᠠᠨᠠᠯ︾ᠭᠡᠵᠦ ᠳᠥᠭᠦᠮᠴᠢᠯᠡᠨ᠎ᠡ︶ ᠢ ᠰᠤᠷᠤᠯᠴᠠᠪᠠ᠃ ᠡᠯ᠎ᠡ ᠲᠣᠭᠤᠷᠢᠭ ᠤᠨ ᠳᠡᠳ᠋ ᠳᠠᠷᠤᠭ᠎ᠠ ᠶᠢᠨ ︽︿ᠥᠪᠥᠷ ᠮᠣᠩᠭᠤᠯ ᠤᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ ᠶᠢ ᠳᠡᠮᠵᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ﹀ ᠤᠨ ᠠᠵᠢᠯ ᠤᠨ ᠬᠤᠪᠢᠶᠠᠷᠢᠯᠠᠯ ᠤᠨ ᠲᠥᠰᠥᠯ︾ ︵ᠳᠣᠷᠣᠭᠰᠢ ︽ᠠᠵᠢᠯ ᠤᠨ ᠬᠤᠪᠢᠶᠠᠷᠢᠯᠠᠯ ᠤᠨ ᠲᠥᠰᠥᠯ︾ ᠭᠡᠵᠦ ᠲᠣᠪᠴᠢᠯᠠᠨ᠎ᠠ︶ ᠲᠠᠢ ᠬᠠᠷᠢᠴᠠᠭᠤᠯᠤᠨ ᠮᠠᠨ ᠤ  ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠳᠤ ᠲᠥᠷᠥ  ᠶᠢᠨ ᠪᠣᠳᠣᠯᠭ᠎ᠠ  ᠶᠢ ᠨᠡᠪᠲᠡᠷᠡᠲᠡᠯ᠎ᠡ ᠣᠶᠢᠯᠠᠭᠠᠵᠤ ᠰᠠᠶᠢᠲᠤᠷ ᠬᠡᠷᠡᠭᠯᠡᠬᠦ ᠬᠡᠷᠡᠭᠲᠡᠢ᠂ ︽ᠰᠠᠨᠠᠯ︾ ᠪᠣᠯᠣᠨ ᠥᠪᠡᠷᠲᠡᠭᠡᠨ ᠵᠠᠰᠠᠬᠤ ᠣᠷᠣᠨ ᠤ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ︾ ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠢᠯᠠᠩᠭᠤᠶ᠎ᠠ ︽ᠰᠠᠨᠠᠯ︾ ︽ᠠᠵᠢᠯ ᠤᠨ ᠬᠤᠪᠢᠶᠠᠷᠢᠯᠠᠯ ᠤᠨ ᠲᠥᠰᠥᠯ︾ ᠳᠤ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠬᠤ ᠠᠭᠤᠯᠭ᠎ᠠ  ᠲᠠᠢ ᠬᠤᠯᠪᠣᠭᠳᠠᠵᠤ᠂ ᠪᠦᠬᠦ ᠬᠤᠲᠠ ᠶᠢᠨ ᠨᠡᠶᠢᠲᠡᠯᠡᠭᠰᠡᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠲᠠᠢ ᠬᠠᠷᠢᠴᠠᠭᠤᠯᠵᠤ ᠦᠵᠡᠪᠡᠯ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ᠂ ᠬᠠᠷᠠᠯᠲᠠ ᠶᠢᠨ ᠡᠭᠦᠷᠭᠡ ᠶᠢ ᠠᠩᠬᠠᠷᠴᠤ᠂ ᠡᠯ᠎ᠡ ᠬᠦᠷᠢᠶᠡᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠰᠦᠪᠡᠭᠴᠢᠯᠡᠵᠦ᠂ ᠮᠠᠨ ᠤ ᠲᠣᠭᠤᠷᠢᠭ ᠤᠨ ᠪᠣᠳᠠᠲᠠᠢ ᠨᠠᠶᠢᠳᠠᠪᠤᠷᠢᠵᠢᠭᠤᠯᠬᠤ ᠲᠥᠰᠥᠯ ᠢ ᠭᠠᠷᠭᠠᠵᠤ᠂ ᠪᠣᠳᠠᠲᠠᠢ ᠳᠤ ᠨᠡᠶᠢᠴᠡᠭᠰᠡᠨ᠂ ᠬᠡᠷᠡᠭᠵᠢᠭᠦᠯᠬᠦ ᠴᠢᠨᠠᠷ ᠢᠶᠠᠷ ᠴᠢᠩᠭ᠎ᠠ᠂ ᠬᠡᠮᠵᠢᠶᠡᠵᠢᠭᠦᠯᠦᠭᠰᠡᠨ ᠨᠠᠷᠢᠨ ᠲᠠᠩᠰᠠ᠂ ᠡᠬᠡ ᠲᠠᠩᠰᠠ ᠶᠢ ᠪᠣᠶ ᠪᠣᠯᠭᠠᠵᠤ᠂ ᠴᠢᠭᠯᠡᠯ ᠤᠨ ᠴᠢᠨᠠᠷᠲᠠᠢ ᠲᠥᠷᠥ ᠶᠢᠨ ᠪᠣᠳᠣᠯᠭ᠎ᠠ ᠳᠤ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠢ ᠭᠦᠢᠴᠡᠳ ᠠᠭᠤᠳᠠᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠦᠷᠳᠡᠭᠡᠨ᠎ᠡ᠃ ᠬᠤᠶᠠᠷ ᠲᠤ᠂ ᠲᠦᠷᠭᠡᠨ ᠬᠥᠳᠡᠯᠦᠯᠴᠡᠵᠦ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠷᠠᠯᠲᠠ ᠪᠠᠨ ᠠᠩᠬᠠᠷᠴᠤ᠂ ᠢᠵᠢ ᠪᠦᠷᠢᠳᠦᠭᠦᠯᠬᠦ ᠶᠢ ᠠᠩᠬᠠᠷᠴᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠩᠬᠠᠷᠴᠤ᠂ ᠳᠡᠮᠵᠢᠬᠦ ᠲᠦᠷᠦ ᠶᠢᠨ ᠪᠣᠳᠣᠯᠭ᠎ᠠ ᠶᠢ ᠪᠣᠳᠠᠲᠠᠢ ᠲᠦᠷᠦᠯ ᠵᠦᠢᠯ ᠪᠣᠯᠭᠠᠨ ᠨᠠᠶᠢᠳᠠᠪᠤᠷᠢᠵᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ ᠃ ᠭᠤᠷᠪᠠ ᠳᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠺᠠᠳ᠋ᠷᠴᠤᠳ ᠢ ᠬᠥᠮᠥᠵᠢᠭᠦᠯᠦᠨ ᠪᠣᠯᠪᠠᠰᠤᠷᠠᠭᠤᠯᠬᠤ ᠠᠵᠢᠯ ᠢ ᠰᠠᠶᠢᠲᠤᠷ ᠠᠳᠬᠤᠵᠤ᠂ ᠺᠠᠳ᠋ᠷᠴᠤᠳ ᠤᠨ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠨ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠶᠠᠪᠤᠴᠠ ᠳᠠᠬᠢ ᠰᠠᠶᠢᠨ ᠠᠷᠭ᠎ᠠ ᠬᠢᠳᠡᠯ ᠰᠠᠶᠢᠨ ᠦᠷ᠎ᠡ ᠪᠦᠲᠦᠮᠵᠢ ᠣᠯᠵᠤ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠳᠤ ᠬᠠᠨᠳᠤᠭᠤᠯᠤᠭᠰᠠᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠶᠢᠯᠠᠭᠠᠬᠤ ᠨᠤᠷᠮ᠎ᠠ ᠪᠠᠨ ᠳᠡᠭᠡᠭᠰᠢᠯᠡᠭᠦᠯᠵᠦ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠰᠠᠶᠢᠨ ᠰᠠᠶᠢᠬᠠᠨ ᠢ ᠲᠠᠶᠢᠯᠪᠤᠷᠢᠯᠠᠵᠤ᠂ ᠤᠯᠠᠨ ᠲᠦᠮᠡᠨ ᠳᠤ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠢ ᠬᠠᠯᠠᠮᠵᠢᠯᠠᠨ ᠳᠡᠮᠵᠢᠵᠤ ᠪᠠᠶᠢᠭ᠎ᠠ ᠶᠢ ᠰᠠᠶᠢᠲᠤᠷ ᠤᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠶᠠᠷ᠂ ᠬᠤᠷᠠᠯ ᠠᠴᠠ ᠪᠦᠬᠦ ᠲᠣᠭᠤᠷᠢᠭ ᠤᠨ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠪᠦᠬᠦ ᠲᠣᠭᠤᠷᠢᠭ ᠢᠶᠠᠷ ᠢᠶᠠᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ᠂ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠠᠮᠵᠢᠯᠴᠠᠨ ᠬᠠᠮᠵᠢᠯᠴᠠᠵᠤ᠂ ᠲᠦᠷᠦᠭᠦᠦ ᠭᠤᠷᠪᠠᠨ ᠤᠯᠠᠷᠢᠯ ᠳᠤ ᠠᠵᠤ ᠠᠬᠤᠢ ᠦᠷᠭᠦᠯᠵᠢᠯᠡᠨ ᠰᠠᠶᠢᠵᠢᠷᠠᠭᠰᠠᠨ ᠪᠣᠯᠪᠠᠴᠤ ᠠᠵᠤ ᠠᠬᠤᠢ ᠶᠢᠨ ᠬᠥᠭᠵᠢᠯᠲᠡ ᠳᠤ ᠮᠦᠨᠴᠦ ᠬᠦᠴᠢᠷᠳᠡᠯ ᠪᠠ ᠳᠤᠲᠠᠭᠤᠳᠠᠯ ᠣᠷᠣᠰᠢᠵᠤ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠲᠡᠦᠬᠡᠨ ᠠᠵᠠ ᠲᠣᠬᠢᠶᠠᠯ ᠢ ᠪᠠᠲᠤ ᠡᠵᠡᠮᠰᠢᠵᠦ᠂ ︽ᠠᠵᠤ ᠦᠢᠯᠡᠳᠪᠦᠷᠢ ᠪᠠᠷ ᠣᠷᠣᠨ ᠢᠶᠠᠨ ᠬᠦᠴᠦᠷᠬᠡᠭᠵᠢᠭᠦᠯᠬᠦ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠬᠦᠴᠦᠷᠬᠡᠭᠵᠢᠭᠦᠯᠬᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠲᠣᠭᠤᠷᠢᠨ ᠳᠤ ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠢᠷᠡᠬᠦ ᠵᠢᠯ ᠤᠨ ᠠᠵᠢᠯ ᠢᠶᠠᠨ ᠤᠷᠢᠳᠴᠢᠯᠠᠨ ᠲᠥᠯᠥᠪᠯᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠦᠨᠡᠨᠬᠦ ᠬᠥᠪᠴᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠪᠥᠬᠦ ᠲᠣᠭᠤᠷᠢᠭ ‍ᠤᠨ‌ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠳᠡᠭᠡᠭᠰᠢᠯᠡᠬᠦ ᠶᠢ ᠲᠦᠯᠬᠢᠨ ᠠᠬᠢᠭᠤᠯᠵᠤ᠂ ᠣᠷᠣᠨ ᠤ ᠲᠥᠪ ᠤᠨ ᠬᠥᠭᠵᠢᠯᠲᠡ ᠳᠤ ᠨᠠᠩ ᠣᠯᠠᠨ ᠬᠦᠴᠦᠨ ᠢᠶᠠᠨ ᠨᠡᠮᠡᠷᠢᠯᠡᠨ᠎ᠡ᠃          ᠬᠤᠷᠠᠯ ᠠᠴᠠ᠂ ᠦᠢᠯᠡᠴᠢᠯᠡᠭᠡᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠢᠭᠡ ᠳᠤ ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠵᠢᠯ ᠤᠨ ᠡᠬᠢᠨ ᠤ ᠲᠣᠭᠲᠠᠭᠰᠠᠨ ᠬᠠᠷᠠᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠬᠦ ᠪᠠᠷ ᠴᠢᠷᠮᠠᠶᠢᠨ᠎ᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠲᠦᠷᠭᠡᠪᠴᠢᠯᠡᠨ ᠳᠡᠭᠡᠭᠰᠢᠯᠡᠭᠦᠯᠵᠦ᠂ ᠳᠤᠲᠠᠭᠤᠳᠠᠯ ᠢ ᠨᠥᠬᠦᠪᠦᠷᠢᠯᠡᠨ᠂ ᠨᠢᠭᠡᠳᠬᠡᠪᠡᠰᠦ ᠵᠣᠬᠢᠬᠤ ᠶᠢ ᠨᠢ ᠨᠢᠭᠡᠳᠬᠡᠨ᠎ᠡ᠃ ᠬᠤᠶᠠᠷ ᠲᠤ᠂ ᠲᠦᠷᠦᠯ ᠵᠦᠢᠯ ᠢ ᠴᠢᠩᠭ᠎ᠠ ᠠᠳᠬᠤᠵᠤ᠂ ︽ᠨᠢᠭᠡ ᠪᠦᠯᠦᠭ ᠢ ᠨᠢ ᠠᠰᠢᠭᠯᠠᠯᠲᠠ ᠳᠤ ᠣᠷᠣᠭᠤᠯᠵᠤ᠂ ᠨᠢᠭᠡ ᠪᠦᠯᠦᠭ ᠢ ᠨᠢ ᠡᠪᠦᠯ ᠤᠨ ᠤᠯᠠᠷᠢᠯ ᠳᠤ ᠬᠡᠷᠡᠭᠯᠡᠵᠦ᠂ ᠨᠢᠭᠡ ᠪᠦᠯᠦᠭ ᠢ ᠨᠢ ᠭᠤᠶᠤᠴᠢᠯᠠᠨ ᠮᠡᠳᠡᠭᠦᠯᠬᠦ︾ᠪᠠᠶᠢᠷᠢᠰᠢᠯ ᠢ ᠪᠦᠷᠢᠯᠳᠦᠭᠦᠯᠦᠨ᠎ᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠨᠡᠩ ᠤᠯᠠᠨ ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠶᠢ ᠪᠦᠷᠢᠯᠳᠦᠭᠦᠯᠬᠦ ᠬᠡᠷᠡᠭᠲᠡᠢ᠃ ᠭᠤᠷᠪᠠ ᠳᠤ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠳᠡᠳ᠋ ᠲᠣᠭᠤᠷᠢᠭ ᠤᠨ ᠳᠠᠷᠤᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠦᠪᠵᠢᠭᠦᠯᠭᠡ ᠶᠢ ᠤᠷᠢᠳᠴᠢᠯᠠᠨ ᠬᠢᠵᠦ᠂ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠨᠠᠩ ᠣᠯᠠᠨ ᠲᠥᠷᠥᠯ ᠵᠦᠢᠯ ᠤᠨ ᠭᠤᠶᠤᠴᠢᠯᠠᠨ ᠮᠡᠳᠡᠭᠦᠯᠵᠦ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠥᠷᠪᠡ ᠳᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠳᠠ ᠶᠢᠨ ᠡᠪᠦᠯ ᠤᠨ ᠤᠯᠠᠷᠢᠯ ᠤᠨ ᠠᠷᠠᠯᠵᠢᠶᠠᠴᠢᠨ ᠤᠷᠢᠬᠤ ᠠᠵᠢᠯᠯᠠᠭ᠎ᠠ ᠵᠡᠷᠭᠡ ᠶᠢ ᠴᠢᠩᠭ᠎ᠠ ᠠᠩᠬᠠᠷᠴᠤ᠂ ᠤᠷᠢᠳᠴᠢᠯᠠᠨ ᠪᠡᠯᠡᠳᠬᠡᠵᠦ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃            ᠭᠤᠷᠪᠠ᠂ ᠬᠤᠷᠠᠯ  ᠠᠴᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠰᠢᠲᠠᠭᠠᠯᠭ᠎ᠠ ᠶᠢᠨ ᠨᠡᠭᠦᠷᠡᠰᠦ ᠶᠢ ᠪᠤᠲᠠᠷᠬᠠᠢ ᠪᠠᠷ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ︽ᠬᠠᠯᠠᠭᠤᠨ ᠨᠡᠭᠦᠷᠡᠰᠦ︾ ᠶᠢᠨ ᠬᠠᠩᠭᠠᠯᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠰᠢᠲᠠᠭᠠᠯᠭ᠎ᠠ ᠶᠢᠨ ᠨᠡᠭᠦᠷᠡᠰᠦ ᠶᠢ ᠪᠤᠲᠠᠷᠬᠠᠢ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠪᠣᠯ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠣᠶᠢᠷ᠎ᠠ ᠶᠢᠨ ᠬᠡᠳᠦᠨ ᠵᠢᠯ ᠤᠨ ᠰᠢᠲᠠᠭᠠᠯᠭ᠎ᠠ ᠶᠢᠨ ᠨᠡᠭᠦᠷᠡᠰᠦ ᠶᠢ ᠪᠤᠲᠠᠷᠬᠠᠢ ᠪᠠᠷ ᠰᠢᠲᠠᠭᠠᠬᠤ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠠᠭᠠᠷ ᠤᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃          ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠂ ᠨᠢᠭᠡ ᠳᠤ᠂ ᠡᠯ᠎ᠡ ᠭᠠᠵᠠᠷ ᠣᠷᠣᠨ ᠤ ᠭᠤᠣᠯ ᠤᠳᠤᠷᠢᠳᠤᠯᠭ᠎ᠠ ᠨᠠᠷ ᠨᠢᠭᠡᠳᠦᠭᠡᠷ ᠹᠷᠣᠨᠲ ᠲᠤ ᠪᠠᠶᠢᠴᠠᠭᠠᠨ ᠰᠢᠢᠳᠪᠦᠷᠢᠯᠡᠵᠦ᠂ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ᠤᠷᠢᠳᠤᠬᠢ ᠨᠢ ᠰᠤᠪᠤᠷᠭ᠎ᠠ ᠦᠭᠡᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠥᠭᠡᠷᠡᠴᠢᠯᠡᠨ ᠵᠠᠰᠠᠬᠤ ᠢᠨᠵᠧᠨᠧᠷᠢᠩ ᠤᠨ ᠪᠥᠬᠦ ᠲᠠᠯ᠎ᠠ ᠪᠠᠷ ᠳᠠᠭᠤᠰᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠣᠯᠠᠨ ᠲᠦᠮᠡᠨ ᠤ ︽ᠨᠡᠭᠦᠷᠡᠰᠦ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ︔ ᠡᠯ᠎ᠡ ᠭᠠᠵᠠᠷ ᠣᠷᠣᠨ ᠨᠤᠭᠤᠳ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ ᠬᠤᠯᠪᠤᠭᠠᠯᠠᠨ ᠬᠥᠳᠡᠯᠦᠯᠴᠡᠵᠦ᠂ ᠲᠠᠷᠠᠬᠠᠢ ᠨᠡᠭᠦᠷᠡᠰᠦ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠢᠴᠢ ᠲᠦᠯᠡᠭᠡ ᠬᠠᠭᠠᠯᠬᠤ ᠵᠡᠷᠭᠡ ᠶᠢ ᠬᠠᠮᠲᠤᠷᠠᠨ ᠬᠢᠨᠠᠨ ᠪᠠᠶᠢᠴᠠᠭᠠᠬᠤ ᠪᠠᠨ ᠴᠢᠩᠭᠠᠷᠠᠭᠤᠯᠵᠤ᠂ ᠴᠠᠭ ᠲᠤᠬᠠᠢ ᠳᠤᠨᠢ ᠢᠯᠭᠠᠷᠠᠭᠤᠯᠤᠨ ᠲᠤᠰᠢᠶᠠᠵᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠵᠤ᠂ ︽ᠣᠲᠤᠭ᠎ᠠ ᠭᠠᠷᠬᠤ ᠦᠭᠡᠢ︾ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠭ ᠤᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠂ ᠬᠠᠷᠢᠶ᠎ᠠ ᠭᠠᠵᠠᠷ ᠵᠡᠷᠭᠡ ᠨᠢ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠪᠠᠲᠤᠳᠬᠠᠨ᠂ ᠣᠯᠠᠨ ᠲᠦᠮᠡᠨ ᠢ ᠪᠥᠬᠦ ᠬᠦᠴᠦᠨ ᠢᠶᠠᠷ ᠢᠶᠠᠨ ᠳᠠᠶᠢᠴᠢᠯᠠᠨ ᠤᠬᠠᠮᠰᠠᠷ  ᠠᠴᠠ ᠪᠠᠨ ᠵᠢᠷᠤᠮᠯᠠᠨ ᠦᠢᠯᠡᠳᠦᠯᠭᠡᠵᠢᠭᠦᠯᠵᠦ᠂ ᠡᠷᠦᠬᠡ ᠪᠣᠯᠭᠠᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ᠬᠤᠳᠠ ᠶᠢᠨ ᠲᠣᠭᠤᠷᠢᠭ ᠵᠡᠭᠡᠯᠢ ᠭᠤᠳᠤᠮᠵᠢ ᠶᠢᠨ ᠬᠢᠨ ᠬᠤᠳᠠ ᠶᠢᠨ ᠲᠡᠭᠦᠷᠭᠡ ᠶᠢᠨ ᠠᠭᠤᠯᠵᠠᠷ ᠬᠡᠰᠡᠭ᠂ ᠪᠠᠶᠢᠰᠢᠩ ᠭᠡᠷ ᠤᠨ ᠲᠣᠭᠤᠷᠢᠭ ᠵᠡᠷᠭᠡ ᠭᠠᠵᠠᠷ ᠤᠨ ᠠᠷᠢᠭᠤᠨ ᠴᠡᠪᠡᠷ ᠳᠤᠯᠠᠭᠠᠯᠭ᠎ᠠ ᠶᠢ ᠭᠤᠣᠯᠳᠠᠯᠭ᠎ᠠ ᠲᠠᠢ ᠪᠠᠲᠤᠯᠠᠵᠤ᠂ ᠠᠭᠠᠷ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃          ᠳᠥᠷᠪᠡ᠂ ᠬᠤᠷᠠᠯ  ᠠᠴᠠ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ︽ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ︵2021 ︱ 2035 ᠣᠨ︶︾ ︽ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ︵2021 ︱ 2035 ᠣᠨ︶︾ ︽ᠰᠠᠶᠢᠬᠠᠨ ᠲᠣᠭᠤᠷᠢᠭ ᠤᠨ ᠬᠤᠸᠠᠩ ᠾᠧ ᠱᠣᠸ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ︵2021 ︱ 2035 ᠣᠨ︶︾ ︵ᠳᠣᠷᠣᠭᠰᠢ ︽ᠭᠤᠷᠪᠠᠨ ︿ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠰᠬᠠᠢ ᠰᠡᠳᠦᠪ ᠤᠨ ᠬᠤᠷᠠᠯᠳᠤᠭᠠᠨ ᠤ ᠰᠤᠳᠤᠯᠤᠯᠲᠠ ᠪᠠᠷ ᠲᠠᠮᠵᠢᠨ᠂ ︽ᠭᠤᠷᠪᠠᠨ ︿ᠲᠥᠯᠦᠪᠵᠢᠭᠦᠯᠭᠡ﹀ ᠶᠢᠨ ᠠᠭᠤᠯᠭ᠎ᠠ ᠶᠢ ᠲᠣᠭᠲᠠᠭᠠᠪᠠ᠃ ᠬᠤᠷᠠᠯ ᠠᠴᠠ︽ᠭᠤᠷᠪᠠᠨ ᠲᠥᠯᠦᠪᠵᠢᠭᠦᠯᠭᠡ︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃          ᠬᠤᠷᠠᠯ ᠠᠴᠠ ᠱᠠᠭᠠᠷᠳᠠᠭᠰᠠᠨ ᠨᠢ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠬᠠᠷᠢᠭᠤᠴᠠᠵᠤ᠂ ᠪᠥᠬᠦ ᠲᠣᠭᠤᠷᠢᠭ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠪᠥᠬᠦ ᠲᠣᠭᠤᠷᠢᠭ‌‍ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠲᠠᠢ ᠨᠢᠭᠲᠠ ᠵᠣᠯᠭᠠᠭᠤᠯᠵᠤ᠂ ᠣᠳᠣᠬᠠᠨ ᠤ ᠪᠠ ᠠᠯᠤᠰ ᠬᠡᠲᠦ ᠶᠢᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠵᠤ᠂ ︽ᠭᠤᠷᠪᠠᠨ ᠲᠥᠯᠦᠪᠵᠢᠭᠦᠯᠭᠡ︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨ ᠤ ᠳᠠᠷᠠᠭ᠎ᠠ᠂ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠤᠨ  ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号