ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ 2023 ᠤᠨ ᠤ  ᠤᠬᠠᠭᠤᠯᠭ᠎ᠠ ᠶᠢᠨ ᠠᠵᠢᠯᠯᠠᠭ᠎ᠠ ᠣᠶᠢᠷ᠎ᠠ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2023/12/28
      ᠬᠦᠬᠡᠬᠤᠲᠠ ᠶᠢᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ ᠶᠢ ᠨᠡᠩ ᠣᠯᠠᠨ ᠬᠦᠮᠦᠨ ᠳᠤ ᠮᠡᠳᠡᠭᠦᠯᠵᠦ  ᠲᠠᠨᠢᠭᠤᠯᠤᠨ᠂ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠣᠯᠠᠨ ᠲᠦᠮᠡᠨ ᠲᠠᠢ ᠬᠠᠷᠢᠯᠴᠠᠬᠤ᠂ ᠣᠯᠠᠨ  ᠲᠦᠮᠡᠨ ᠳᠤ ᠦᠢᠯᠡᠴᠢᠯᠡᠬᠦ ᠬᠦᠷᠢᠶ᠎ᠡ ᠬᠡᠪᠴᠢᠶ᠎ᠡ ᠶᠢ ᠦᠷᠭᠡᠳᠭᠡᠬᠦ ᠶᠢᠨ ᠲᠥᠯᠦᠭᠡ᠂ ᠣᠶᠢᠷ᠎ᠠ ᠶᠢᠨ ᠡᠳᠦᠷ᠂  ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠤᠨ ᠠᠵᠢᠯᠳᠠᠳ ᠬᠠᠮᠢᠶ᠎ᠠ  ᠪᠦᠬᠦᠢ ᠪᠠᠶᠢᠭᠤᠯᠭ᠎ᠠ ᠶᠢᠨ ᠠᠰᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ᠂ ᠤᠯᠠᠨ ᠨᠡᠶᠢᠲᠡ ᠶᠢᠨ  ᠬᠦᠳᠡᠯᠭᠡᠭᠡᠨ ᠤ ᠲᠠᠯᠠᠪᠤᠷ ᠭᠠᠵᠠᠷ᠂ ᠰᠢᠨ ᠴᠦᠨ ᠨᠡᠶᠢᠭᠡᠮ ᠲᠤᠭᠤᠷᠢᠭ ᠵᠡᠷᠭᠡ ᠭᠠᠵᠠᠷ ᠲᠤ ᠬᠥᠷᠴᠦ ᠤᠬᠠᠭᠤᠯᠭ᠎ᠠ ᠶᠢᠨ  ᠬᠠᠭᠤᠳᠠᠰᠤ ᠲᠠᠷᠬᠠᠭᠠᠵᠤ᠂ 2023 ᠤᠨ ᠤ ᠮᠣᠩᠭᠤᠯ ᠰᠦᠯᠵᠢᠶ᠎ᠡ ᠪᠠᠨ ᠤᠬᠠᠭᠤᠯᠵᠤ ᠲᠦᠭᠡᠮᠡᠯᠵᠢᠭᠦᠯᠬᠦ  ᠠᠵᠢᠯᠯᠠᠭ᠎ᠠ ᠪᠠᠨ ᠠᠮᠵᠢᠯᠲᠠ ᠲᠠᠢ ᠦᠷᠨᠢᠭᠦᠯᠵᠡᠢ᠃    
      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠴᠤᠭᠯᠠᠷᠠᠯ ᠨᠢ ᠬᠤᠲᠠ ᠪᠠ 9  ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢ ᠪᠠᠭᠳᠠᠭᠠᠵᠤ᠂ ᠥᠪᠡᠷᠲᠡᠭᠡᠨ  ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ ᠳᠤ ᠨᠢᠭᠡᠳᠦᠯᠲᠡᠢ ᠬᠠᠷᠢᠶᠠᠯᠠᠭᠳᠠᠨ᠂  ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ ᠠᠴᠠ  ᠬᠠᠷᠢᠭᠤᠴᠠᠨ ᠡᠷᠬᠢᠯᠡᠵᠦ ᠠᠵᠢᠯᠯᠠᠭᠤᠯᠵᠤ ᠪᠠᠶᠢᠨ᠎ᠠ᠃  
     ᠰᠢᠨ᠎ᠡ ᠵᠠᠭᠤᠴᠢᠯᠠᠭᠤᠷ ᠤᠨ ᠬᠦᠭᠵᠢᠯ ᠤᠨ ᠠᠯᠬᠤᠭ᠎ᠠ ᠶᠢ ᠳᠠᠭᠠᠵᠤ᠂ ᠠᠷᠠᠳ ᠣᠯᠠᠨ ᠤ ᠵᠠᠰᠠᠭ ᠤᠨ  ᠶᠠᠪᠤᠳᠠᠯ ᠤᠨ ᠮᠡᠳᠡᠭᠡ ᠵᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠬᠤ ᠶᠢ ᠲᠤᠯᠠᠳᠠ᠂ 2019  ᠣᠨ ᠠᠴᠠ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠤ ᠮᠣᠩᠭᠤᠯ ᠸᠢᠴᠠᠲ ᠲᠠᠪᠴᠠᠩ ᠢ  ᠠᠵᠢᠯᠯᠠᠭᠤᠯᠵᠤ ᠡᠬᠢᠯᠡᠪᠡ᠃ ᠣᠳᠣ ᠪᠣᠯᠬᠤ ᠳᠤ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠴᠤ ᠵᠠᠯᠭᠠᠪᠠᠷ  ᠸᠢᠴᠠᠲ ᠲᠠᠪᠴᠠᠩ ᠢᠶᠠᠨ ᠨᠡᠭᠡᠭᠡᠵᠦ᠂ ᠨᠠᠮ ᠤᠨ ᠳᠠᠭᠤᠨ᠂ ᠲᠥᠷᠥ ᠶᠢᠨ ᠪᠣᠳᠤᠯᠭ᠎ᠠ᠂ ᠠᠯᠪᠠᠨ ᠤ ᠮᠡᠳᠡᠭᠡ᠂  ᠠᠩᠬᠠᠷᠣᠯ ᠠᠰᠠᠭᠤᠳᠠᠯ ᠤᠨ ᠮᠣᠩᠭᠤᠯ ᠮᠡᠳᠡᠭᠡ ᠮᠡᠳᠡᠭᠡᠯᠡᠯ ᠢ ᠨᠡᠩ ᠲᠥᠷᠭᠡᠨ ᠢᠶᠠᠷ ᠠᠷᠠᠳ ᠣᠯᠠᠨ ᠤ ᠠᠯᠠᠭᠠᠨ ᠳᠤ  ᠬᠦᠷᠭᠡᠵᠦ ᠪᠣᠢ᠃    
     ᠳᠠᠷᠠᠭᠠᠴᠢ ᠶᠢᠨ ᠠᠯᠬᠤᠮ ᠳᠤ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ  ᠰᠦᠯᠵᠢᠶ᠎ᠡ ᠶᠢᠨ ᠬᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠱᠠᠭᠠᠷᠳᠠᠯᠭ᠎ᠠ ᠶᠣᠰᠤᠭᠠᠷ ᠥᠷᠬᠦᠯᠵᠢᠯᠡᠨ ᠴᠢᠷᠮᠠᠶᠢᠨ ᠠᠵᠢᠯᠯᠠᠵᠤ᠂ ᠰᠦᠯᠵᠢᠶᠡᠨ ᠲᠠᠪᠴᠠᠩ ᠢᠶᠠᠨ ᠰᠢᠯᠢᠳᠡᠭᠵᠢᠬᠦᠯᠵᠦ᠂ ᠠᠭᠤᠯᠭ᠎ᠠ ᠪᠠᠨ ᠪᠠᠶᠠᠯᠢᠭᠵᠢᠭᠤᠯᠤᠨ᠂ ᠮᠣᠩᠭᠤᠯ  ᠬᠡᠯᠡᠨ ᠤ ᠵᠠᠰᠠᠭ ᠤᠨ ᠶᠠᠪᠤᠳᠠᠯ ᠤᠨ ᠰᠤᠷᠠᠭ ᠵᠠᠩᠭᠢ ᠳᠠᠮᠵᠢᠭᠤᠯᠬᠤ ᠰᠢᠯᠢᠳᠡᠭ ᠲᠠᠪᠴᠠᠩ ᠪᠣᠯᠬᠤ ᠪᠠᠷ ᠴᠢᠷᠮᠠᠶᠢᠬᠤ  ᠪᠣᠯᠤᠨ᠎ᠠ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号