ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠭᠠᠵᠠᠷ ᠪᠣᠯᠣᠨ ᠲᠣᠮᠢᠯᠠᠭᠰᠠᠨ ᠰᠠᠯᠪᠤᠷᠢ ︽ᠬᠤᠶᠠᠷ ᠭᠠᠵᠠᠷ ᠢ ᠬᠠᠮᠲᠤᠪᠠᠷ ᠪᠠᠶᠢᠭᠤᠯᠵᠤ︾ ᠬᠠᠮᠲᠤᠷᠠᠨ ᠰᠡᠷᠭᠡᠶᠢᠯᠡᠵᠦ ᠬᠠᠮᠲᠤᠷᠠᠨ ᠪᠠᠶᠢᠭᠤᠯᠵᠤ ᠬᠠᠮᠲᠤᠷᠠᠨ ᠵᠠᠰᠠᠬᠤ ᠰᠢᠨ᠎ᠡ ︽ᠪᠠᠲᠤᠴᠠᠭᠠᠨ︾ ᠤ ᠦᠵᠡᠮᠵᠢ ᠶᠢ ᠴᠣᠭᠴᠠᠯᠠᠪᠠ
ᠨᠡᠶᠢᠲᠡᠯᠡᠭᠰᠡᠨ ᠴᠠᠭ᠄
2023/12/28
     ᠡᠨᠡ ᠵᠢᠯ ᠪᠣᠯ ᠮᠠᠤ ᠽᠦ ᠳ᠋ᠦᠩ ᠨᠥᠬᠦᠷ ᠤᠨ ᠴᠣᠬᠤᠯᠠᠪᠤᠷᠢᠯᠠᠭᠰᠠᠨ ︽ᠹᠥ᠋ᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠦᠭᠰᠡᠨ 60 ᠵᠢᠯ ᠤᠨ ᠤᠢ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ︽ᠹᠥ᠋ᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠬᠦ ᠪᠠᠷ ᠵᠢᠭᠠᠪᠤᠷᠢᠯᠠᠭᠰᠠᠨ 20 ᠵᠢᠯ ᠤᠨ ᠤᠢ ᠪᠣᠯᠣᠨ᠎ᠠ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠦᠬᠦ ᠬᠦᠴᠦᠨ ᠢᠶᠠᠷ ᠢᠶᠠᠨ ︽ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠲᠣᠯᠢ ᠪᠣᠯᠭᠠᠵᠤ᠂ ᠬᠠᠤᠯᠢ ᠴᠠᠭᠠᠵᠠ ᠶᠢᠨ ᠭᠠᠵᠠᠷ ᠪᠣᠯᠣᠨ ᠲᠣᠮᠢᠯᠠᠭᠰᠠᠨ ᠰᠠᠯᠪᠤᠷᠢ︽ᠬᠤᠶᠠᠷ ᠭᠠᠵᠠᠷ ᠢ ᠬᠠᠮᠲᠤᠪᠠᠷ ᠪᠠᠶᠢᠭᠤᠯᠬᠤ︾ ᠶᠢ ᠰᠦᠪᠡᠭᠴᠢᠯᠡᠵᠦ᠂ ᠮᠡᠳᠡᠭᠡ ᠵᠠᠩᠭᠢ ᠪᠣᠯᠣᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂︽ᠬᠤᠶᠠᠷ ᠭᠠᠵᠠᠷ︾ ᠤᠨ ᠬᠤᠯᠪᠤᠭᠠᠯᠠᠨ ᠰᠡᠷᠭᠡᠶᠢᠯᠡᠬᠦ᠂ ᠬᠤᠯᠪᠤᠭᠠᠯᠠᠨ ᠪᠠᠶᠢᠭᠤᠯᠬᠤ᠂ ᠬᠤᠯᠪᠤᠭᠠᠯᠠᠨ ᠵᠠᠰᠠᠬᠤ ᠰᠢᠨ᠎ᠡ ᠵᠠᠭᠪᠤᠷ ᠢ ᠡᠭᠦᠳᠴᠦ᠂ ᠬᠤᠳᠠ ᠶᠢᠨ ᠬᠡᠪᠴᠢᠶᠡᠨ ᠤ ᠵᠠᠰᠠᠯᠲᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠥᠷᠢᠴᠡᠯ ᠢ ᠦᠨᠡᠨᠬᠦ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠦᠲᠦᠮᠵᠢᠲᠡᠢ ᠪᠠᠲᠤᠳᠬᠠᠵᠤ᠂ ᠰᠢᠨ᠎ᠡ ︽ᠪᠠᠲᠤᠴᠠᠭᠠᠨ︾ ᠤ ᠦᠵᠡᠮᠵᠢ ᠶᠢ ᠰᠠᠶᠢᠬᠠᠨ ᠲᠣᠭᠤᠷᠢᠭ ᠲᠤ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠨ᠎ᠠ᠃
     ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠶᠢᠨ ᠴᠢᠶᠣᠤ ᠬᠠᠤᠯᠢ ᠴᠠᠭᠠᠵᠠ ᠶᠢᠨ ᠭᠠᠵᠠᠷ ᠪᠠ ᠲᠣᠮᠢᠯᠠᠭᠰᠠᠨ ᠰᠠᠯᠪᠤᠷᠢ ᠶᠢᠨ ᠠᠵᠢᠯᠲᠠᠨ ᠶᠠᠭ ᠵᠢᠭᠤᠷᠠᠯᠳᠤᠭᠠᠨ ᠢ ᠡᠶᠡᠳᠡᠭᠦᠯᠵᠦ ᠪᠠᠶᠢᠨ᠎ᠠ                  ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠰᠢᠯᠤᠭᠤᠳᠬᠠᠵᠤ᠂ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ            ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠢᠨᠴᠢᠶᠣᠣ ᠬᠠᠤᠯᠢ ᠴᠠᠭᠠᠵᠠ ᠶᠢᠨ ᠭᠠᠵᠠᠷ ᠤᠨ ᠬᠢᠨ ᠳᠠᠷᠠᠭᠠᠯᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠷᠠᠳ ᠤᠨ ᠬᠤᠭᠤᠷᠣᠨᠳᠣᠬᠢ ᠵᠠᠭᠤᠷᠠᠯᠳᠤᠭᠠᠨ ᠠᠴᠠ ᠡᠷᠡᠭᠦᠦ ᠶᠢᠨ ᠬᠡᠷᠡᠭ ᠪᠣᠯᠣᠨ ᠤᠯᠠᠨ ᠨᠡᠶᠢᠲᠡ ᠶᠢᠨ ᠬᠡᠷᠡᠭ ᠪᠣᠯᠵᠤ ᠬᠤᠪᠢᠷᠠᠬᠤ ᠪᠣᠯᠣᠮᠵᠢ ᠲᠠᠢ ᠪᠠᠶᠢᠳᠠᠯ ᠢ ᠴᠠᠭ ᠲᠤᠬᠠᠢ ᠳᠤᠨᠢ ᠵᠢᠨᠴᠢᠶᠣᠣ ᠲᠣᠮᠢᠯᠠᠭᠰᠠᠨ ᠰᠠᠯᠪᠤᠷᠢ ᠳᠤ ᠮᠡᠳᠡᠭᠳᠡᠵᠦ᠂ ᠲᠣᠮᠢᠯᠠᠭᠰᠠᠨ ᠰᠠᠯᠪᠤᠷᠢ ᠠᠴᠠ ᠤᠷᠢᠳᠴᠢᠯᠠᠨ ᠣᠷᠣᠯᠴᠠᠵᠤ᠂ ᠬᠠᠤᠯᠢ ᠴᠠᠭᠠᠵᠠ ᠶᠢᠨ ᠭᠠᠵᠠᠷ ᠲᠠᠢ ᠬᠠᠮᠵᠢᠯᠴᠠᠨ ᠡᠶᠡᠳᠡᠭᠦᠯᠵᠦ᠂ ᠬᠡᠷᠡᠭ ᠤᠨ ᠪᠠᠶᠢᠳᠠᠯ ᠤᠨ ᠤᠯᠠᠮ ᠨᠢᠭᠡ ᠠᠯᠬᠤᠮ ᠲᠡᠰ ᠳᠡᠪᠰᠢᠬᠦ ᠶᠢ ᠰᠡᠷᠭᠡᠶᠢᠯᠡᠪᠡ᠃ ᠲᠣᠮᠢᠯᠠᠭᠰᠠᠨ ᠰᠠᠯᠪᠤᠷᠢ ᠴᠠᠭᠳᠠᠭ᠎ᠠ ᠶᠢᠨ ᠠᠵᠢᠯ ᠳᠤ ᠭᠠᠷᠤᠭᠰᠠᠨ ᠤ ᠲᠠᠷᠠᠭ᠎ᠠ᠂ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠠᠷᠠᠳ ᠤᠨ ᠬᠤᠭᠤᠷᠣᠨᠳᠣᠬᠢ ᠵᠠᠭᠤᠷᠠᠯᠳᠤᠭᠠᠨ᠂ ᠠᠷᠠᠳ ᠤᠨ ᠡᠶᠡᠳᠡᠭᠦᠯᠭᠡ ᠶᠢᠨ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠳᠤ ᠲᠣᠬᠢᠷᠠᠬᠤ ᠠᠮᠤᠷ ᠢ ᠬᠠᠮᠠᠭᠠᠯᠠᠬᠤ ᠬᠡᠷᠡᠭ᠂ ᠡᠷᠡᠭᠦᠦ ᠶᠢᠨ ᠬᠡᠷᠡᠭ ᠤᠨ ᠡᠶᠡᠳᠡᠯ ᠤᠨ ᠬᠡᠷᠡᠭ ᠵᠡᠷᠭᠡ ᠶᠢ ᠬᠠᠤᠯᠢ ᠴᠠᠭᠠᠵᠠ ᠶᠢᠨ ᠭᠠᠵᠠᠷ ᠠᠴᠠ ᠲᠣᠮᠢᠯᠠᠭᠰᠠᠨ ᠰᠠᠯᠪᠤᠷᠢ ᠶᠢᠨ ᠲᠣᠮᠢᠯᠠᠭᠰᠠᠨ ᠠᠷᠠᠳ ᠤᠨ ᠡᠶᠡᠳᠡᠭᠦᠯᠦᠭᠴᠢ ᠲᠠᠢ ᠬᠠᠮᠵᠢᠯᠴᠠᠨ ᠡᠶᠡᠳᠡᠭᠦᠯᠦᠨ᠎ᠡ᠃ ︽ᠬᠤᠶᠠᠷ ᠭᠠᠵᠠᠷ︾ ᠤᠨ ᠬᠤᠯᠪᠣᠯᠳᠤᠨ ᠬᠥᠳᠡᠯᠦᠯᠴᠡᠬᠦ᠂ ᠬᠤᠣᠰᠯᠠᠯ ᠪᠠᠶᠢᠭᠤᠯᠵᠤ ᠬᠠᠷᠢᠯᠴᠠᠨ ᠨᠥᠬᠦᠪᠦᠷᠢᠯᠡᠬᠦ ᠪᠠᠷ ᠳᠠᠮᠵᠢᠭᠤᠯᠤᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠰᠠᠭᠠᠳ ᠦᠭᠡᠢ ᠨᠠᠪᠲᠠᠷᠡᠭᠦᠯᠵᠦ᠂ ᠬᠠᠤᠯᠢ ᠪᠠᠷᠢᠬᠤ ᠡᠬᠢ ᠪᠠᠶᠠᠯᠢᠭ ᠢ ᠲᠦᠷᠭᠡᠨ ᠢᠶᠠᠷ ᠴᠤᠭᠯᠠᠷᠠᠭᠤᠯᠵᠤ᠂ ᠨᠡᠶᠢᠭᠡᠮ ᠤᠨ ᠥᠪᠡᠷ ᠤᠨ ᠦᠷᠳᠡᠭ ᠢ ᠠᠷᠪᠢᠯᠠᠵᠤ᠂ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠮᠥᠷᠲᠡᠭᠡᠨ ᠬᠠᠷᠢᠶ᠎ᠠ ᠣᠷᠣᠨ ᠤ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠪᠠ᠃            ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠲᠠ ᠶᠢᠨ ᠬᠡᠪᠴᠢᠶᠡᠨ ᠤ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ          ᠵᠢᠨᠴᠢᠶᠣᠣ ᠶᠢᠨ ᠬᠠᠤᠯᠢ ᠴᠠᠭᠠᠵᠠ ᠶᠢᠨ ᠭᠠᠵᠠᠷ ᠤᠨ ᠬᠢᠨ ᠬᠠᠷᠢᠶ᠎ᠠ ᠣᠷᠣᠨ ᠤ ᠵᠢᠨᠴᠢᠶᠣᠣ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠶᠢ ᠬᠠᠤᠯᠢ ᠴᠠᠭᠠᠵᠠ ᠶᠢᠨ ᠭᠠᠵᠠᠷ ᠤᠨ ᠲᠤᠰᠢᠶᠠᠯ ᠬᠠᠪᠰᠤᠷᠭᠠᠭᠰᠠᠨ ᠳᠡᠳ᠋ ᠳᠠᠷᠤᠭ᠎ᠠ ᠪᠠᠷ ᠤᠷᠢᠭᠰᠠᠨ ᠪᠥᠭᠡᠳ ᠲᠣᠮᠢᠯᠠᠭᠰᠠᠨ‌‍ᠰᠠᠯᠪᠤᠷᠢ ᠳᠤ ᠠᠷᠠᠳ ‍ᠤᠨ‌ᠡᠶᠡᠳᠡᠭᠦᠯᠬᠦ ᠲᠠᠰᠤᠭ ᠭᠠᠷᠭᠠᠵᠤ᠂ ᠬᠤᠯᠪᠣᠭᠳᠠᠯ ᠪᠦᠬᠦᠢ ᠠᠯᠪᠠᠨ ᠠᠵᠢᠯ ᠤᠨ ᠲᠥᠬᠦᠭᠡᠷᠦᠮᠵᠢ ᠪᠠ ᠪᠠᠭᠠᠵᠢ ᠬᠡᠷᠡᠭᠰᠡᠯ ᠢ ᠲᠣᠬᠢᠷᠠᠭᠤᠯᠵᠤ᠂ ᠡᠶᠡᠳᠡᠭᠦᠯᠬᠦ ᠲᠠᠯᠠᠪᠤᠷ ‍ᠤᠨ‌‍ᠲ᠋ᠦ᠋ᠷᠢᠮᠵᠢᠭᠦᠯᠦᠯᠲᠡ ᠶᠢ ᠪᠡᠶᠡᠯᠡᠭᠦᠯᠵᠦ᠂ ᠬᠤᠯᠪᠤᠭᠠᠯᠠᠨ ᠬᠥᠳᠡᠯᠦᠯᠴᠡᠬᠦ ᠡᠶᠡᠳᠡᠭᠦᠯᠭᠡ ᠶᠢᠨ ᠠᠵᠢᠯ ᠤᠨ ᠳᠤᠮᠳᠠ ᠬᠠᠷᠢᠯᠴᠠᠨ ᠰᠤᠷᠤᠯᠴᠠᠨ ᠲᠣᠯᠢᠯᠠᠵᠤ᠂ ᠲᠤᠷᠰᠢᠯᠭ᠎ᠠ ᠪᠠᠨ ᠬᠤᠪᠢᠶᠠᠯᠴᠠᠵᠤ᠂ ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠦᠷᠢᠯᠡᠬᠦ ᠳᠤ ᠲᠦᠭᠦᠮ ᠦᠵᠡᠭᠦᠯᠪᠡ᠃ ᠡᠭᠦᠨ ᠤ ᠵᠡᠷᠭᠡᠴᠡᠭᠡᠪᠡᠷ᠂ ᠵᠢᠨᠴᠢᠶᠣᠣ ᠶᠢᠨ ᠬᠠᠤᠯᠢ ᠴᠠᠭᠠᠵᠠ ᠶᠢᠨ ᠭᠠᠵᠠᠷ ᠨᠢ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ᠂ ᠠᠯᠪᠠᠨ ᠭᠡᠷᠡᠴᠢᠯᠡᠭᠴᠢ ᠵᠡᠷᠭᠡ 10 ᠭᠠᠷᠤᠢ ᠬᠥᠮᠥᠨ ᠢᠶᠠᠷ ᠪᠦᠷᠢᠯᠳᠦᠭᠰᠡᠨ ᠡᠶᠡᠳᠡᠭᠦᠯᠬᠦ ᠺᠣᠮᠢᠰ ᠢ ᠪᠠᠶᠢᠭᠤᠯᠵᠤ᠂ ᠵᠥᠷᠢᠴᠡᠯ ᠢ ︽ᠲᠤᠬᠠᠢ ᠶᠢᠨ ᠭᠠᠵᠠᠷ ᠲᠤᠨᠢ ᠡᠶᠡᠳᠡᠭᠦᠯᠦᠭᠡᠳ ᠳᠡᠭᠡᠭᠰᠢ ᠲᠤᠰᠢᠶᠠᠬᠤ ᠦᠭᠡᠢ︾ ᠪᠠᠶᠢᠬᠤ ᠪᠠᠷ ᠵᠠᠷᠴᠢᠮ ᠪᠣᠯᠭᠠᠵᠤ᠂ ᠲᠦᠪᠡᠭ ᠪᠤᠳᠤᠯᠢᠶᠠᠨᠲᠠᠢ ᠵᠢᠭᠤᠷᠠᠯᠳᠤᠭᠠᠨ ᠢ ᠰᠢᠢᠳᠪᠦᠷᠢᠯᠡᠬᠦ ᠲᠥᠰᠥᠯ ᠢ ᠬᠠᠮᠲᠤ ᠪᠠᠷ ᠰᠤᠳᠤᠯᠵᠠᠢ᠃            ︽ᠬᠤᠶᠠᠷ ᠭᠠᠵᠠᠷ︾ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠮᠵᠢᠯᠴᠠᠨ ᠵᠠᠰᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ          ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠠᠵᠢᠯ ᠤᠨ ᠰᠡᠳᠬᠢᠴᠡ ᠪᠠᠨ ᠦᠨᠳᠦᠰᠦᠯᠡᠵᠦ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠢᠨᠴᠢᠶᠣᠣ ᠬᠠᠤᠯᠢ ᠴᠠᠭᠠᠵᠠ ᠶᠢᠨ ᠭᠠᠵᠠᠷ ᠤᠨ  ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ︽ᠬᠠᠲᠠᠭᠤ ᠴᠢᠨᠠᠷ︾ ᠤᠨ ᠬᠠᠤᠯᠢ ᠬᠡᠷᠡᠭᠵᠢᠭᠦᠯᠬᠦ ᠳᠠᠪᠠᠭᠤᠯᠢᠭ ᠢ ᠬᠠᠤᠯᠢ ᠴᠠᠭᠠᠵᠠ ᠶᠢᠨ ᠭᠠᠵᠠᠷ ᠤᠨ ︽ᠤᠶᠠᠨ ᠴᠢᠨᠠᠷ︾ ᠤᠨ ᠵᠠᠰᠠᠯᠲᠠ ᠶᠢᠨ ᠳᠠᠪᠠᠭᠤᠯᠢᠭ ᠲᠠᠢ ᠪᠦᠲᠦᠮᠵᠢᠲᠡᠢ ᠤᠶᠠᠯᠳᠤᠭᠤᠯᠵᠤ᠂ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠣᠷᠵᠢᠯ᠂ ᠠᠵᠢᠯᠯᠠᠬᠤ ᠲᠠᠯᠠᠪᠤᠷ ᠲᠤ ᠵᠥᠷᠢᠴᠡᠯ ᠵᠠᠭᠤᠷᠠᠯᠳᠤᠭᠠᠨ ᠢ ᠴᠤᠭᠯᠠᠭᠤᠯᠵᠤ ᠡᠶᠡᠳᠡᠭᠦᠯᠦᠨ ᠰᠢᠢᠳᠪᠦᠷᠢᠯᠡᠬᠦ ᠴᠣᠩᠬᠤ ᠭᠠᠷᠭᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠶᠢ ᠵᠢᠷᠤᠮᠵᠢᠭᠤᠯᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠪᠡ᠃ ᠬᠠᠨᠳᠤᠰᠢ ᠳᠤᠨᠢ ᠲᠣᠬᠢᠷᠠᠭᠤᠯᠤᠨ ᠴᠢᠳᠠᠮᠠᠭᠠᠢ ᠪᠠᠷ ᠵᠢᠯᠤᠭᠤᠳᠴᠤ᠂ ᠬᠠᠤᠯᠢ ᠴᠠᠭᠠᠵᠠ ᠶᠢᠨ ᠭᠠᠵᠠᠷ ᠪᠠ ᠲᠣᠮᠢᠯᠠᠭᠰᠠᠨ ᠰᠠᠯᠪᠤᠷᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠬᠢ ᠣᠷᠭᠠᠨᠢᠭ ᠤᠶᠠᠯᠳᠤᠯ ᠪᠠ ᠰᠠᠶᠢᠨ ᠦᠢᠯᠡᠳᠦᠯᠴᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠭᠠᠵᠠᠷ︾ ᠤᠨ ᠬᠠᠮᠲᠤᠷᠠᠨ ᠰᠡᠷᠭᠡᠶᠢᠯᠡᠬᠦ᠂ ᠬᠠᠮᠲᠤᠷᠠᠨ ᠪᠠᠶᠢᠭᠤᠯᠬᠤ᠂ ᠬᠠᠮᠲᠤᠷᠠᠨ ᠵᠠᠰᠠᠬᠤ ᠬᠠᠮᠵᠢᠯᠴᠠᠬᠤ ᠠᠷᠭ᠎ᠠ ᠮᠠᠶ᠋ᠢᠭ ᠢ ᠶᠡᠭᠡ ᠪᠠᠷ ᠥᠷᠭᠡᠳᠬᠡᠨ᠎ᠡ᠃ ᠣᠳᠣᠬᠠᠨ ᠪᠣᠯᠲᠠᠯ᠎ᠠ᠂ 95%  ᠶᠢᠨ ᠵᠢᠭᠤᠷᠠᠯᠳᠤᠭᠠᠨ ᠤ ᠲᠥᠷᠥᠯ ᠤᠨ ᠴᠠᠭᠳᠠᠭᠠᠨ ᠤ ᠪᠠᠶᠢᠳᠠᠯ  ᠢ ᠠᠮᠵᠢᠯᠲᠠ ᠲᠠᠢ ᠪᠠᠷ ᠡᠶᠡᠳᠡᠭᠦᠯᠵᠦ᠂ ᠵᠥᠷᠢᠴᠡᠯ ᠵᠢᠭᠤᠷᠠᠯᠳᠤᠭᠠᠨ  ᠢ ᠴᠤᠬᠤᠶᠢᠵᠤ ᠪᠠᠶᠢᠭ᠎ᠠ ᠦᠶ᠎ᠡ ᠳᠤᠨᠢ ᠦᠨᠡᠨ ᠬᠦ ᠰᠢᠢᠳᠪᠦᠷᠢᠯᠡᠵᠡᠢ᠃          ᠦᠨᠳᠦᠰᠦᠨ ᠱᠠᠲᠤᠨ ᠤ ᠵᠠᠰᠠᠯᠲᠠ ᠪᠣᠯᠪᠠᠰᠤ ᠤᠯᠤᠰ ᠬᠦᠷᠦᠨ ᠠᠮᠤᠷ ᠠᠮᠤᠭᠤᠯᠠᠩ ᠪᠣᠯᠣᠮᠤᠢ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠢᠨ ︽ᠬᠤᠶᠠᠷ ᠭᠠᠵᠠᠷ︾ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢᠨ ᠠᠭᠤᠯᠤᠭᠳᠠᠬᠤᠨ ᠢ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠥᠨᠳᠥᠷ ᠪᠦᠲᠦᠮᠵᠢᠲᠡᠢ ᠳᠥᠭᠦᠮ ᠳᠥᠲᠡ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号