| | 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︕ | | | ᠣᠶᠢᠷ᠎ᠠ ᠳᠤ᠂ ᠠᠷᠢᠬᠢ ᠤᠤᠭᠤᠭᠠᠳ ᠲᠡᠷᠭᠡ ᠵᠢᠯᠤᠭᠤᠳᠬᠤ ᠶᠢ ᠰᠢᠯᠭᠠᠬᠤ ᠬᠠᠮᠤᠭ ᠤᠨ ᠰᠢᠨ᠎ᠡ ᠪᠠᠷᠢᠮᠵᠢᠶ᠎ᠠ ᠶᠢ | ᠨᠡᠶᠢᠲᠡᠯᠡᠪᠡ᠂ ᠲᠣᠰ ᠪᠠᠷᠢᠮᠵᠢᠶ᠎ᠠ ᠶᠢ 2024 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | ᠣᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠲᠥᠷᠥᠯ ᠤᠨ ᠪᠠᠷᠢᠮᠵᠢᠶ᠎ᠠ ︽ᠠᠮᠢᠳᠤ ᠪᠣᠳᠠᠰ ᠤᠨ ᠥᠯᠢᠭᠡᠷ | ᠡᠳ᠋ ᠤᠨ ᠴᠢᠰᠤ᠂ ᠰᠢᠭᠡᠰᠦᠨ ᠳᠠᠬᠢ ᠡᠲ᠋ᠢᠯ ᠠᠯᠺᠤᠣᠯ᠂ ᠮᠧᠲ᠋ᠢᠯ ᠠᠯᠺᠤᠣᠯ᠂ ᠵᠢᠩᠬᠢᠨᠢ ᠫᠷᠤᠫᠢᠯ ᠠᠯᠺᠦᠦᠯ᠂ ᠫᠷᠤᠫᠠᠨᠤᠨ᠂ | ᠣᠨᠳᠣᠣ ᠫᠷᠤᠫᠠᠨᠤᠯ ᠠᠯᠺᠤᠣᠯ ᠪᠣᠯᠣᠨ ᠵᠢᠩᠬᠢᠨᠢ ᠪᠦᠲ᠋ᠢᠯ ᠠᠯᠺᠤᠣᠯ ᠢ ᠰᠢᠩᠭᠡᠨ ᠳᠣᠲᠣᠷᠠᠬᠢ ᠹᠠᠰ ᠤᠨ ᠦᠡᠭᠭᠡᠨ ᠤ | ᠵᠢᠭᠰᠠᠯ ᠢᠶᠠᠷ ᠰᠢᠯᠭᠠᠨ ᠪᠠᠶᠢᠴᠠᠭᠠᠬᠤ ᠠᠷᠭ᠎ᠠ︾ᠵᠡᠷᠭᠡ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ | ᠮᠠᠰᠢᠨ ᠲᠡᠷᠭᠡᠨ ᠤ ᠵᠢᠯᠣᠭᠤᠴᠢ ᠶᠢᠨ ᠴᠢᠰᠤᠨ ᠳᠠᠬᠢ ᠰᠫᠢᠷᠲ ᠤᠨ ᠠᠭᠤᠯᠤᠭᠳᠠᠴᠠ ᠶᠢ ᠰᠢᠯᠭᠠᠨ ᠪᠠᠶᠢᠴᠠᠭᠠᠬᠤ ᠳᠤ | ᠮᠡᠷᠭᠡᠵᠢᠯ ᠤᠨ ᠦᠨᠳᠦᠰᠦᠯᠡᠯ ᠬᠠᠩᠭᠠᠭᠰᠠᠨ ᠪᠠᠶᠢᠨ᠎ᠠ᠃ | | | ᠪᠦᠭᠦ ᠤᠯᠤᠰ ᠤᠨ ᠡᠷᠡᠭᠦᠦ ᠶᠢᠨ ᠬᠡᠷᠡᠭ ᠤᠨ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ | ᠵᠥᠪᠯᠡᠯ ᠲᠣᠰ ᠠᠵᠢᠯ ᠲᠥᠷᠥᠯ ᠤᠨ ᠪᠠᠷᠢᠮᠵᠢᠶ᠎ᠠ ᠶᠢ ᠪᠠᠶᠢᠴᠠᠭᠠᠨ ᠬᠡᠮᠵᠢᠵᠦ ᠵᠠᠳᠠᠯᠬᠤ ᠠᠷᠭ᠎ᠠ ᠶᠢ ᠤᠯᠠᠮ ᠨᠢᠭᠡ | ᠠᠯᠬᠤᠮ ᠪᠠᠶᠠᠯᠢᠭᠵᠢᠭᠤᠯᠤᠨ ᠰᠢᠯᠢᠳᠡᠭᠵᠢᠭᠦᠯᠵᠦ᠂ ᠬᠤᠯᠪᠣᠭᠳᠠᠯ ᠪᠦᠬᠦᠢ ᠮᠡᠷᠭᠡᠵᠢᠯ ᠤᠨ ᠱᠠᠭᠠᠷᠳᠠᠯᠭ᠎ᠠ ᠶᠢ | ᠨᠠᠷᠢᠯᠢᠭᠵᠢᠭᠤᠯᠤᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂︽ᠴᠢᠰᠤ᠂ ᠰᠢᠭᠡᠰᠦᠨ ᠳᠠᠬᠢ ᠡᠲ᠋ᠢᠯ ᠠᠯᠺᠤᠣᠯ᠂ ᠮᠧᠲ᠋ᠢᠯ | ᠠᠯᠺᠤᠣᠯ᠂ ᠵᠢᠩᠬᠢᠨᠢ ᠫᠷᠣᠫᠢᠯ ᠠᠯᠺᠤᠣᠯ᠂ ᠫᠷᠤᠫᠠᠨᠤᠨ᠂ ᠣᠨᠳᠣᠣ ᠫᠷᠤᠫᠢᠯ ᠠᠯᠺᠤᠣᠯ ᠪᠣᠯᠣᠨ ᠵᠢᠩᠬᠢᠨᠢ ᠪᠦᠲ᠋ᠢᠯ | ᠠᠯᠺᠤᠣᠯ ᠤᠨ ᠰᠢᠯᠭᠠᠨ ᠪᠠᠶᠢᠴᠠᠭᠠᠯᠲᠠ︾ ︵GB/T42430 -2023︶ ᠭᠡᠬᠦ ᠤᠯᠤᠰ ᠤᠨ ᠪᠠᠷᠢᠮᠵᠢᠶ᠎ᠠ ᠶᠢ | ᠲᠣᠭᠲᠠᠭᠠᠪᠠ᠃ | | | ᠬᠠᠤᠯᠢ ᠴᠠᠭᠠᠵᠠ ᠪᠠ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠤᠯᠠᠮ ᠨᠢᠭᠡ ᠠᠯᠬᠤᠮ ᠲᠤᠯᠭᠠᠭᠤᠷᠢᠯᠠᠵᠤ᠂ ᠡᠯ᠎ᠡ ᠲᠥᠷᠥᠯ ᠤᠨ ᠬᠢᠨᠠᠨ | ᠲᠣᠭᠲᠠᠭᠠᠬᠤ ᠪᠠᠶᠢᠭᠤᠯᠤᠮᠵᠢ ᠶᠢᠨ ᠴᠢᠰᠤᠨ ᠳᠠᠬᠢ ᠰᠫᠢᠷᠲ ᠤᠨ ᠠᠭᠤᠯᠤᠭᠳᠠᠴᠠ ᠶᠢ ᠰᠢᠯᠭᠠᠨ ᠪᠠᠶᠢᠴᠠᠭᠠᠬᠤ | ᠮᠡᠷᠭᠡᠵᠢᠯ ᠤᠨ ᠠᠵᠢᠯ ᠢ ᠥᠷᠨᠢᠭᠦᠯᠬᠦ ᠳᠤ ᠪᠠᠷᠢᠮᠵᠢᠶ᠎ᠠ ᠪᠦᠬᠦᠢ ᠠᠷᠭ᠎ᠠ ᠬᠠᠩᠭᠠᠨ᠎ᠠ᠃ | | | ᠡᠭᠦᠨ ᠤ ᠬᠠᠮᠲᠤ᠂ ᠲᠤᠰ ᠤᠯᠤᠰ ᠤᠨ ᠪᠠᠷᠢᠮᠵᠢᠶ᠎ᠠ ᠶᠢ ᠲᠠᠪᠤᠨ ᠵᠦᠢᠯ ᠤᠨ ᠠᠯᠺᠤᠣᠯ ᠤᠨ ᠲᠦᠷᠦᠯ ᠤᠨ ᠪᠣᠳᠠᠰ | ᠵᠢᠴᠢ ᠫᠷᠣᠫᠠᠨᠣᠨ ᠤ ᠬᠤᠣᠷᠳᠠᠭᠳᠠᠯ᠂ ᠨᠥᠭᠴᠢᠭᠰᠡᠳ ᠢ ᠰᠢᠯᠭᠠᠨ ᠪᠠᠶᠢᠴᠠᠭᠠᠬᠤ᠂ ᠲᠦᠷᠭᠡᠨ ᠠᠪᠤᠷᠠᠯᠳᠠ ᠶᠢᠨ ᠰᠢᠯᠭᠠᠨ | ᠪᠠᠶᠢᠴᠠᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠪᠤᠰᠤᠳ ᠨᠡᠩ ᠥᠷᠭᠡᠨ ᠳᠡᠯᠭᠡᠷ ᠬᠦᠷᠢᠶ᠎ᠡ ᠴᠠᠷᠠᠭᠠᠨ ᠳᠤ | ᠬᠡᠷᠡᠭᠯᠡᠵᠦ ᠪᠣᠯᠣᠨ᠎ᠠ᠃ | | | ᠲᠣᠰ ᠪᠠᠷᠢᠮᠵᠢᠶ᠎ᠠ ᠶᠢ 2024 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠵᠠᠮ ᠤᠨ ᠬᠦᠵᠦᠭᠦᠦ ᠤᠷᠳᠦ ᠠᠴᠠ ᠤᠷᠳᠦ᠂ ᠠᠮᠤᠷ ᠲᠦᠪᠰᠢᠨ ᠶᠠᠭᠤᠨ ᠠᠴᠠ ᠴᠦ ᠴᠢᠬᠤᠯᠠ︕ | | | ᠲᠡᠷᠭᠡ ᠵᠢᠯᠤᠭᠤᠳᠬᠤ ᠳᠦᠷᠢᠮ ᠠᠴᠠ ᠭᠠᠳᠠᠨ᠎ᠠ᠂ ᠠᠷᠢᠬᠢ ᠤᠤᠭᠤᠵᠤ ᠲᠡᠷᠭᠡ ᠵᠢᠯᠤᠭᠤᠳᠬᠤ ᠨᠢ ᠪᠠᠰᠠ | ᠠᠶᠠᠨ ᠵᠠᠮ ᠳᠡᠭᠡᠷᠡᠬᠢ ᠶᠡᠭᠡ ᠳᠠᠶᠢᠰᠤᠨ ᠶᠤᠮ᠃ | | | ᠰᠣᠭᠲᠣᠭᠤ ᠪᠠᠷ ᠲᠡᠷᠭᠡ ᠵᠢᠯᠤᠭᠤᠳᠬᠤ ᠪᠠ ᠠᠷᠢᠬᠢ ᠤᠤᠭᠤᠭᠠᠳ ᠲᠡᠷᠭᠡ ᠵᠢᠯᠤᠭᠤᠳᠬᠤ ᠨᠢ ᠴᠣᠬᠤᠮ ᠶᠠᠮᠠᠷ | ᠢᠯᠭᠠᠭ᠎ᠠ ᠲᠠᠢ ᠪᠤᠢ︖ | | | ᠠᠷᠢᠬᠢ ᠤᠤᠭᠤᠭᠠᠳ ᠲᠡᠷᠭᠡ ᠵᠢᠯᠤᠭᠤᠳᠬᠤ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ | | | ᠤᠯᠤᠰ ᠤᠨ ᠶᠠᠰᠤ ᠴᠢᠨᠠᠷ ᠤᠨ ᠬᠢᠨᠠᠯᠲᠠ ᠲᠠᠯᠪᠢᠬᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠲᠣᠪᠴᠢᠶ᠎ᠠ ᠶᠢᠨ ᠨᠡᠶᠢᠲᠡᠯᠡᠭᠰᠡᠨ︽ᠮᠠᠰᠢᠨ ᠲᠡᠷᠭᠡᠨ ᠤ ᠵᠢᠯᠣᠭᠤᠴᠢ ᠶᠢᠨ ᠴᠢᠰᠤ᠂ ᠠᠮᠢᠰᠬᠤᠯ ᠤᠨ ᠬᠡᠢ ᠳᠤ | ᠠᠭᠤᠯᠤᠭᠳᠠᠬᠤ ᠰᠫᠢᠷᠲ ᠤᠨ ᠠᠭᠤᠯᠤᠭᠳᠠᠴᠠ ᠬᠢᠭᠡᠳ ᠪᠣᠱᠤᠭ᠎ᠠ ᠬᠡᠮᠵᠢᠭᠳᠡᠯ ᠤᠨ ᠰᠢᠯᠭᠠᠨ ᠪᠠᠶᠢᠴᠠᠭᠠᠯᠲᠠ︾ | ︵GB19522 - ᠰᠣᠭᠲᠣᠭᠤ ᠪᠠᠷ ᠲᠡᠷᠭᠡ ᠵᠢᠯᠣᠭᠤᠳᠤᠭᠰᠠᠨ ᠤ ᠰᠢᠯᠭᠠᠨ ᠪᠠᠶᠢᠴᠠᠭᠠᠯᠲᠠ 2004︶ ᠳᠤ | ᠲᠣᠭᠲᠠᠭᠠᠭᠰᠠᠨ ᠨᠢ᠄ | | | ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠄ ᠮᠠᠰᠢᠨ ᠲᠡᠷᠭᠡᠨ ᠤ ᠵᠢᠯᠣᠭᠤᠴᠢ ᠶᠢᠨ | ᠴᠢᠰᠤᠨ ᠳᠠᠬᠢ ᠰᠫᠢᠷᠲ ᠤᠨ ᠠᠭᠤᠯᠤᠭᠳᠠᠴᠠ ᠨᠢ 20mg/100ml ᠠᠴᠠ ᠶᠡᠭᠡ ᠪᠤᠶᠤ ᠲᠡᠭᠦᠨ ᠲᠠᠢ | ᠲᠡᠩᠴᠡᠭᠦᠦ᠂ 80mg/100ml ᠠᠴᠠ ᠪᠠᠭ᠎ᠠ ᠲᠡᠷᠭᠡ ᠵᠢᠯᠤᠭᠤᠳᠬᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ | | | ᠰᠣᠭᠲᠣᠭᠤ ᠪᠠᠷ ᠲᠡᠷᠭᠡ ᠵᠢᠯᠤᠭᠤᠳᠬᠤ᠄ ᠮᠠᠰᠢᠨ ᠲᠡᠷᠭᠡᠨ ᠤ ᠵᠢᠯᠣᠭᠤᠴᠢ ᠶᠢᠨ ᠴᠢᠰᠤᠨ ᠳᠠᠬᠢ ᠰᠫᠢᠷᠲ ᠤᠨ | ᠠᠭᠤᠯᠤᠭᠳᠠᠴᠠ ᠨᠢ 80mg/100ml ᠠᠴᠠ ᠶᠡᠭᠡ ᠪᠤᠶᠤ ᠲᠡᠭᠦᠨ ᠲᠠᠢ ᠲᠡᠩᠴᠡᠭᠦᠦ ᠲᠡᠷᠭᠡ ᠵᠢᠯᠤᠭᠤᠳᠬᠤ | ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ | | | ᠠᠷᠢᠬᠢ ᠤᠤᠭᠤᠭᠠᠳ ᠲᠡᠷᠭᠡ ᠵᠢᠯᠤᠭᠤᠳᠬᠤ ᠶᠢ ᠰᠢᠢᠳᠬᠡᠬᠦ ᠪᠠᠷᠢᠮᠵᠢᠶ᠎ᠠ | | | PART 01 ᠠᠷᠢᠬᠢ ᠤᠤᠭᠤᠵᠤ ᠲᠡᠷᠭᠡ ᠵᠢᠯᠣᠭᠤᠳᠤᠭᠰᠠᠨ ᠰᠢᠢᠳᠬᠡᠯ | | | ᠠᠷᠢᠬᠢ ᠤᠤᠭᠤᠭᠰᠠᠨ ᠤ ᠳᠠᠷᠠᠭ᠎ᠠ ᠮᠠᠰᠢᠨ ᠲᠡᠷᠭᠡ ᠵᠢᠯᠣᠭᠤᠳᠤᠭᠰᠠᠨ ᠪᠠᠶᠢᠪᠠᠯ᠂ ᠮᠠᠰᠢᠨ ᠲᠡᠷᠭᠡ ᠵᠢᠯᠤᠭᠤᠳᠬᠤ | ᠦᠨᠡᠮᠯᠡᠯ ᠢ ᠨᠢ ᠵᠢᠷᠭᠤᠭᠠᠨ ᠰᠠᠷ᠎ᠠ ᠲᠦᠷ ᠦᠯᠡᠳᠡᠭᠡᠨ ᠠᠪᠬᠤ ᠪᠠᠷ ᠰᠢᠢᠳᠬᠡᠵᠦ᠂ ᠮᠢᠩᠭᠠᠨ ᠲᠥᠭᠦᠷᠢᠭ ᠠᠴᠠ | ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠃ | | | ᠠᠷᠢᠬᠢ ᠤᠤᠭᠤᠭᠰᠠᠨ ᠤ ᠳᠠᠷᠠᠭ᠎ᠠ ᠮᠠᠰᠢᠨ ᠲᠡᠷᠭᠡ ᠵᠢᠯᠣᠭᠤᠳᠤᠭᠰᠠᠨ ᠠᠴᠠ ᠪᠣᠯᠵᠤ ᠰᠢᠢᠳᠬᠡᠭᠳᠡᠵᠦ᠂ ᠳᠠᠬᠢᠨᠲᠠ | ᠠᠷᠢᠬᠢ ᠤᠤᠭᠤᠨ ᠮᠠᠰᠢᠨ ᠲᠡᠷᠭᠡ ᠵᠢᠯᠣᠭᠤᠳᠤᠭᠰᠠᠨ ᠪᠠᠶᠢᠪᠠᠯ᠂ ᠠᠷᠪᠠᠨ ᠡᠳᠦᠷ ᠠᠴᠠ ᠳᠣᠷᠣᠭᠰᠢ ᠲᠦᠷ | ᠬᠤᠷᠢᠬᠤ ᠪᠠᠷ ᠰᠢᠢᠳᠬᠡᠵᠦ᠂ ᠮᠢᠩᠭᠠᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ | | | ᠰᠢᠢᠳᠬᠡᠵᠦ᠂ ᠮᠠᠰᠢᠨ ᠲᠡᠷᠭᠡ ᠵᠢᠯᠤᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | | | | ᠠᠷᠢᠬᠢ ᠤᠤᠭᠤᠭᠰᠠᠨ ᠤ ᠳᠠᠷᠠᠭ᠎ᠠ ᠲᠡᠭᠡᠭᠡᠪᠦᠷᠢ ᠡᠵᠡᠩᠨᠡᠯᠲᠡ ᠶᠢᠨ ᠮᠠᠰᠢᠨ ᠲᠡᠷᠭᠡ ᠵᠢᠯᠣᠭᠤᠳᠤᠭᠰᠠᠨ ᠪᠠᠶᠢᠪᠠᠯ᠂ | ᠠᠷᠪᠠᠨ ᠲᠠᠪᠤᠨ ᠡᠳᠦᠷ ᠲᠦᠷ ᠬᠤᠷᠢᠬᠤ ᠪᠠᠷ ᠰᠢᠢᠳᠬᠡᠵᠦ᠂ ᠲᠠᠪᠤᠨ ᠮᠢᠩᠭᠠᠨ ᠲᠥᠭᠦᠷᠢᠭ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠬᠡᠨ᠎ᠡ᠂ ᠮᠠᠰᠢᠨ ᠲᠡᠷᠭᠡ ᠵᠢᠯᠤᠭᠤᠳᠬᠤ ᠦᠨᠡᠮᠯᠡᠯ ᠢ ᠨᠢ ᠬᠤᠷᠢᠶᠠᠨ ᠠᠪᠴᠤ | ᠬᠦᠴᠦᠨ ᠦᠭᠡᠢ ᠪᠣᠯᠭᠠᠨ᠎ᠠ᠂ ᠲᠠᠪᠤᠨ ᠵᠢᠯ ᠤᠨ ᠳᠣᠲᠣᠷ᠎ᠠ ᠮᠠᠰᠢᠨ ᠲᠡᠷᠭᠡ ᠵᠢᠯᠤᠭᠤᠳᠬᠤ ᠦᠨᠡᠮᠯᠡᠯ ᠢ ᠲᠠᠭᠢᠵᠤ | ᠣᠯᠭᠤᠬᠤ ᠦᠭᠡᠢ᠃ | | PART02 ᠰᠣᠭᠲᠣᠭᠤ ᠪᠠᠷ ᠲᠡᠷᠭᠡ ᠵᠢᠯᠣᠭᠤᠳᠤᠭᠰᠠᠨ ᠰᠢᠢᠳᠬᠡᠯ | | | ᠰᠣᠭᠲᠣᠭᠤ ᠪᠠᠷ ᠮᠠᠰᠢᠨ ᠲᠡᠷᠭᠡ ᠵᠢᠯᠣᠭᠤᠳᠤᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠷᠢᠬᠢ ᠨᠢ ᠰᠡᠷᠭᠦᠲᠡᠯ᠎ᠡ ᠬᠢᠵᠠᠭᠠᠷᠯᠠᠵᠤ᠂ ᠮᠠᠰᠢᠨ | ᠲᠡᠷᠭᠡ ᠵᠢᠯᠤᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠵᠤ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠲᠠᠪᠤᠨ ᠵᠢᠯ ᠤᠨ ᠳᠣᠲᠣᠷ᠎ᠠ ᠮᠠᠰᠢᠨ ᠲᠡᠷᠭᠡ ᠵᠢᠯᠤᠭᠤᠳᠬᠤ ᠦᠨᠡᠮᠯᠡᠯ ᠢ | ᠳᠠᠭᠢᠵᠤ ᠣᠯᠭᠤᠬᠤ ᠦᠭᠡᠢ᠃ | | | ᠰᠣᠭᠲᠣᠭᠤ ᠪᠠᠷ ᠲᠡᠭᠡᠭᠡᠪᠦᠷᠢ ᠡᠵᠡᠩᠨᠡᠯᠲᠡ ᠶᠢᠨ ᠮᠠᠰᠢᠨ ᠲᠡᠷᠭᠡ ᠵᠢᠯᠣᠭᠤᠳᠤᠭᠰᠠᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠷᠢᠬᠢ ᠨᠢ | ᠰᠡᠷᠭᠦᠲᠡᠯ᠎ᠡ ᠬᠢᠵᠠᠭᠠᠷᠯᠠᠵᠤ᠂ ᠮᠠᠰᠢᠨ ᠲᠡᠷᠭᠡ ᠵᠢᠯᠤᠭᠤᠳᠬᠤ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠤᠯᠭᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠷᠪᠠᠨ ᠵᠢᠯ ᠤᠨ ᠳᠣᠲᠣᠷ᠎ᠠ ᠮᠠᠰᠢᠨ | ᠲᠡᠷᠭᠡ ᠵᠢᠯᠤᠭᠤᠳᠬᠤ ᠦᠨᠡᠮᠯᠡᠯ ᠢ ᠳᠠᠭᠢᠵᠤ ᠣᠯᠭᠤᠬᠤ ᠦᠭᠡᠢ᠂ ᠮᠠᠰᠢᠨ ᠲᠡᠷᠭᠡ ᠵᠢᠯᠤᠭᠤᠳᠬᠤ ᠦᠨᠡᠮᠯᠡᠯ ᠢ ᠳᠠᠭᠢᠵᠤ | ᠣᠯᠣᠭᠰᠠᠨ ᠤ ᠳᠠᠷᠠᠭ᠎ᠠ᠂ ᠲᠡᠭᠡᠭᠡᠪᠦᠷᠢ ᠡᠵᠡᠩᠨᠡᠯᠲᠡ ᠶᠢᠨ ᠮᠠᠰᠢᠨ ᠲᠡᠷᠭᠡ ᠶᠢ ᠵᠢᠯᠤᠭᠤᠳᠴᠤ ᠪᠤᠯᠬᠤ ᠦᠭᠡᠢ᠃ | | | ᠠᠷᠢᠬᠢ ᠤᠤᠭᠤᠭᠰᠠᠨ ᠤ ᠳᠠᠷᠠᠭ᠎ᠠ ᠪᠤᠶᠤ ᠰᠣᠭᠲᠣᠭᠤ ᠪᠠᠷ ᠮᠠᠰᠢᠨ ᠲᠡᠷᠭᠡ ᠵᠢᠯᠣᠭᠤᠳᠤᠭᠠᠳ ᠬᠦᠨᠳᠦ ᠶᠡᠭᠡ | ᠵᠠᠮ ᠬᠠᠷᠢᠯᠴᠠᠭᠠᠨ ᠤ ᠭᠡᠨᠡᠳᠡᠯ ᠭᠠᠷᠭᠠᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨ ᠲᠡᠷᠭᠡ ᠵᠢᠯᠤᠭᠤᠳᠬᠤ ᠦᠨᠡᠮᠯᠡᠯ ᠢ ᠨᠢ ᠬᠤᠷᠢᠶᠠᠨ ᠠᠪᠴᠤ | ᠬᠦᠴᠦᠨ ᠦᠭᠡᠢ ᠪᠣᠯᠭᠠᠨ᠂ ᠨᠠᠰᠤᠨ ᠲᠤᠷᠰᠢᠲᠠ ᠮᠠᠰᠢᠨ ᠲᠡᠷᠭᠡ ᠵᠢᠯᠤᠭᠤᠳᠬᠤ ᠦᠨᠡᠮᠯᠡᠯ ᠢ ᠳᠠᠭᠢᠵᠤ ᠣᠯᠭᠤᠬᠤ | ᠦᠭᠡᠢ᠃ | | | ᠢᠷᠡᠯᠲᠡ᠄ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ |