ᠰᠠᠶᠢᠬᠠᠨ ᠲᠣᠭᠤᠷᠢᠭ᠄ ᠠᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2023/12/7
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠋ ᠢ ᠬᠦᠴᠦᠷᠬᠡᠭᠵᠢᠭᠦᠯᠬᠦ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ  ᠬᠤᠪᠢᠷᠠᠭᠤᠯᠠᠨ᠎ᠠ᠃
     ᠠᠵᠢᠯ ᠶᠠᠪᠤᠳᠠᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ ᠴᠢᠳᠠᠪᠤᠷᠢᠲᠠᠨ ᠤ ᠬᠦᠴᠦᠨ ᠢ ᠲᠠᠰᠤᠷᠠᠯᠲᠠ ᠦᠭᠡᠢ ᠨᠡᠮᠡᠷᠢᠯᠡᠨ᠎ᠡ      ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ︽ᠡᠬᠢ ᠪᠤᠯᠠᠭ ᠠᠮᠢᠵᠢᠷᠠᠯ ᠤᠨ ᠬᠦᠴᠦᠨ︾ ᠮᠥᠨ᠃ ᠰᠠᠶᠢᠬᠠᠨ ᠲᠣᠭᠤᠷᠢᠭ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ ᠰᠢᠯᠭᠠᠷᠠᠭᠰᠠᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠬᠥᠳᠡᠭᠡ ᠲᠣᠰᠬᠤᠨ ᠤ ᠬᠦᠷᠢᠶᠡᠨ ᠳᠤ ᠲᠤᠰᠬᠠᠢ ᠰᠡᠳᠦᠪ ᠬᠤᠪᠢᠶᠠᠨ ᠲᠥᠪᠯᠡᠷᠡᠭᠦᠯᠦᠨ ᠬᠠᠪᠰᠤᠷᠤᠨ ᠵᠢᠯᠤᠭᠤᠳᠬᠤ ᠤᠬᠠᠭᠠᠨ᠂ ᠰᠣᠯᠢᠯᠴᠠᠭ᠎ᠠ ᠶᠠᠷᠢᠯᠴᠠᠭᠠᠨ ᠤ ᠤᠬᠠᠭᠠᠨ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠤᠬᠠᠭᠠᠨ ᠢ ᠯᠠᠪᠳᠠᠭᠤᠨ ᠪᠠᠲᠤᠲᠠᠢ ᠥᠷᠨᠢᠭᠦᠯᠵᠡᠢ᠃ ᠪᠠᠯᠭᠠᠰᠤ ᠲᠣᠰᠬᠤᠨ ᠤ ᠺᠠᠳ᠋ᠷᠴᠤᠳ ᠤᠨ ᠰᠡᠳᠬᠢᠴᠡ ᠪᠠᠨ ᠴᠢᠩᠭᠠᠳᠬᠠᠬᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠲᠤᠬᠠᠶᠢᠯᠠᠭᠰᠠᠨ ᠠᠵᠢᠯ ᠢᠶᠠᠨ ᠴᠢᠩᠭᠠᠳᠬᠠᠬᠤ᠂ ᠡᠩ ᠤᠨ ᠲᠠᠷᠢᠶᠠᠴᠢᠳ ᠤᠨ ᠤᠷ᠎ᠠ ᠴᠢᠳᠠᠪᠤᠷᠢ ᠪᠠᠨ ᠴᠢᠩᠭᠠᠳᠬᠠᠬᠤ ᠳᠤ ᠴᠢᠭᠯᠡᠭᠦᠯᠦᠨ᠂ ᠲᠤᠰᠬᠠᠢ ᠰᠡᠳᠦᠪᠲᠦ ᠪᠣᠯᠪᠠᠰᠤᠷᠠᠯ ᠢ ᠲᠡᠰ ᠳᠠᠪᠬᠤᠷᠭ᠎ᠠ ᠬᠤᠪᠢᠶᠠᠨ ᠥᠷᠨᠢᠭᠦᠯᠵᠦ᠂ ᠶᠡᠷᠦᠩᠬᠡᠶᠢᠯᠡᠭᠰᠡᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠠᠮᠢᠵᠢᠷᠠᠯ ᠤᠨ ᠬᠦᠴᠦᠨ ᠢ ᠨᠡᠮᠡᠷᠢᠯᠡᠨ᠎ᠡ᠃      ︽ᠰᠢᠭᠤᠳ ᠨᠡᠪᠲᠡᠷᠡᠭᠦᠯᠭᠡ ᠶᠢᠨ ᠲᠠᠰᠤᠭ ᠤᠨ ᠲᠠᠷᠢᠶᠠᠯᠠᠩ ᠤᠨ ᠪᠦᠲᠦᠭᠡᠭᠳᠡᠬᠦᠨ ᠪᠣᠯ ᠮᠠᠨ ᠤ ᠥᠪᠥᠷ ᠮᠣᠩᠭᠤᠯ ᠤᠨ ᠣᠨᠴᠠ ᠭᠠᠷᠤᠯᠲᠠ ᠪᠣᠯᠣᠨ᠎ᠠ᠂ ᠮᠠᠰᠢ ᠠᠮᠲᠠᠲᠠᠢ ᠁︾ ᠶᠢᠨ ᠾᠧ ᠪᠠᠯᠭᠠᠰᠤᠨ ᠤ ᠱᠣ ᠭᠤᠸᠠᠩ ᠲᠣᠰᠬᠤᠨ ᠳᠤ᠂ ᠰᠦᠯᠵᠢᠶᠡᠨ ᠤ ᠰᠢᠭᠤᠳ ᠨᠡᠪᠲᠡᠷᠡᠭᠦᠯᠭᠡ ᠨᠢ ᠤᠯᠠᠮᠵᠢᠯᠠᠯᠲᠤ ᠬᠥᠳᠡᠭᠡ ᠲᠣᠰᠬᠤᠨ ᠤ ᠠᠮᠢᠳᠤᠷᠠᠯ ᠲᠠᠢ ᠰᠣᠯᠪᠢᠴᠠᠵᠤ ᠪᠠᠶᠢᠨ᠎ᠠ᠃ ᠱᠣ ᠭᠤᠸᠠᠩ ᠲᠣᠰᠬᠤᠨ ᠤ ︽ᠨᠠᠮ ᠤᠨ ᠪᠠᠶᠢᠭᠤᠯᠤᠯᠲᠠ + ᠡᠯᠥᠺᠲᠷᠤᠨ ᠬᠤᠳᠠᠯᠳᠤᠭ᠎ᠠ︾ ᠶᠢᠨ ᠳᠠᠭᠠᠭᠤᠯᠭ᠎ᠠ ᠪᠠᠷ ᠳᠠᠮᠵᠢᠨ᠂ ᠴᠢᠳᠠᠪᠤᠷᠢᠲᠠᠨ ᠢ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠪᠠᠷ ᠲᠠᠲᠠᠵᠤ᠂ ᠬᠥᠳᠡᠭᠡ ᠲᠣᠰᠬᠤᠨ ᠤ ᠡᠯᠥᠺᠲᠷᠤᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠪᠡ᠃ ᠰᠠᠶᠢᠬᠠᠨ ᠲᠣᠭᠤᠷᠢᠭ ᠴᠢᠳᠠᠪᠤᠷᠢᠲᠠᠨ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠶᠢᠯᠳᠤᠬᠤ ᠪᠣᠳᠣᠯᠭ᠎ᠠ ᠶᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠤ ᠣᠷᠣᠨ ᠨᠤᠲᠤᠭ ᠤᠨ ᠬᠡᠷᠡᠭᠯᠡᠭᠡᠨ ᠤ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠢᠯᠡᠴᠢᠯᠡᠬᠦ ᠶᠢ ᠬᠥᠲᠥᠯᠥᠨ ᠵᠢᠯᠤᠭᠤᠳᠴᠤ᠂ ᠨᠤᠲᠤᠭ ᠤᠨ ᠮᠡᠷᠭᠡᠳ ᠤᠨ ᠰᠢᠨ᠎ᠡ ᠶᠢ ᠡᠭᠦᠳᠬᠦ ᠦᠢᠯᠡᠰ ᠪᠣᠰᠬᠠᠬᠤ᠂ ᠪᠡᠯᠡ ᠣᠷᠣᠭᠤᠯᠵᠤ ᠤᠶᠤᠨ ᠤᠬᠠᠭᠠᠨ ᠣᠷᠣᠭᠤᠯᠬᠤ᠂ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠤᠨ ᠮᠡᠷᠭᠡᠳ ᠤᠨ ᠤᠶᠤᠨ ᠤᠬᠠᠭᠠᠨ ᠢ ᠪᠦᠬᠦ ᠲᠠᠯ᠎ᠠ ᠪᠠᠷ ᠨᠢᠭᠲᠠᠷᠠᠭᠤᠯᠵᠤ᠂ ᠬᠥᠳᠡᠭᠡ ᠲᠣᠰᠬᠤᠨ ᠤ ᠴᠢᠳᠠᠮᠠᠭᠠᠢ ᠪᠠᠷ ᠵᠠᠰᠠᠬᠤ ᠳᠤ ᠬᠦᠴᠦᠨ ᠨᠡᠮᠡᠷᠢᠯᠡᠨ᠎ᠡ᠃ ᠡᠭᠦᠨ ᠤ ᠬᠠᠮᠲᠤ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ︽ᠮᠢᠩᠭᠠᠨ ᠨᠡᠷᠡᠰ ᠲᠤᠰᠬᠠᠢ ᠮᠡᠷᠭᠡᠵᠢᠯᠲᠡᠨ ᠴᠢᠳᠠᠪᠤᠷᠢᠲᠠᠨ ᠦᠨᠳᠦᠰᠦᠨ ᠱᠠᠲᠤᠨ ᠳᠤ ᠦᠢᠯᠡᠴᠢᠯᠡᠬᠦ︾ ᠬᠤᠶᠠᠷ ᠵᠦᠢᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠠᠵᠢᠯᠯᠠᠬᠤ ᠦᠷᠳᠡᠭᠡ ᠪᠠᠷ ᠮᠡᠷᠭᠡᠵᠢᠯ ᠤᠨ ᠲᠤᠯᠭᠠᠭᠤᠷᠢᠯᠠᠯ ᠪᠣᠯᠭᠠᠵᠤ᠂ ᠬᠦᠷᠢᠶᠡᠯᠡᠩ ᠲᠣᠭᠤᠷᠢᠭ ᠤᠨ ᠰᠠᠭᠤᠷᠢᠨ ᠭᠠᠵᠠᠷ ᠢᠶᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠵᠦ᠂ ᠬᠥᠳᠡᠭᠡ ᠲᠣᠰᠬᠤᠨ ᠤ ᠲᠤᠰ ᠭᠠᠵᠠᠷ ᠣᠷᠣᠨ ᠤ ᠲᠠᠷᠢᠶᠠᠯᠠᠩ ᠤᠨ ᠮᠡᠷᠭᠡᠵᠢᠯ ᠤᠨ ᠲᠤᠰᠬᠠᠢ ᠲᠤᠰᠢᠶᠠᠯᠲᠠᠨ᠂ ᠲᠠᠷᠢᠶᠠᠯᠠᠩ ᠤᠨ ᠠᠵᠤ ᠠᠬᠤᠶᠢᠯᠠᠯ ᠤᠨ ᠬᠠᠤᠯᠢ ᠶᠢᠨ ᠬᠥᠮᠥᠨ ᠨᠡᠶᠢᠳᠡ 127 ᠬᠥᠮᠥᠨ ᠢ ᠵᠣᠬᠢᠶᠠᠨ ᠪᠠᠶᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠪᠦᠯᠬᠦᠮ ᠢ ᠪᠠᠶᠢᠭᠤᠯᠵᠤ᠂ ︽ᠰᠠᠭᠤᠷᠢᠨ ᠭᠠᠵᠠᠷ + ᠠᠵᠢᠯᠯᠠᠬᠤ ᠦᠷᠳᠡᠭᠡ + ᠲᠠᠷᠢᠶᠠᠴᠢᠨ ᠡᠷᠤᠭᠡ︾ ᠶᠢᠨ ᠵᠠᠭᠪᠤᠷ ᠢ ᠬᠡᠷᠡᠭᠯᠡᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠲᠠᠷᠢᠶᠠᠨ ᠭᠠᠵᠠᠷ ᠲᠤ ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠵᠤ᠂ ᠲᠠᠷᠢᠶᠠᠴᠢᠳ ᠤᠨ ᠲᠠᠷᠢᠮᠠᠯ ᠤᠨ ᠡᠷᠤᠭᠡ ᠶᠢᠨ ᠰᠢᠨᠵᠢᠯᠡᠬᠦ ᠤᠬᠠᠭᠠᠨᠴᠢ ᠪᠠᠷ ᠲᠠᠷᠢᠬᠤ ᠶᠢ ᠵᠢᠭᠠᠨ ᠵᠢᠯᠣᠭᠤᠳᠤᠨ᠎ᠠ᠃
             ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠲᠠᠷᠢᠶᠠᠯᠠᠩ ᠢ ᠳᠡᠮᠵᠢᠵᠦ ᠣᠷᠣᠯᠭ᠎ᠠ ᠶᠢ ᠨᠢ ᠨᠡᠮᠡᠭᠳᠡᠭᠦᠯᠦᠨ᠎ᠡ        ᠥᠪᠥᠷ ᠮᠣᠩᠭᠤᠯ ᠤᠨ ᠵᠢᠶᠠ ᠱᠢ ᠲᠠᠷᠢᠶᠠᠯᠠᠩ ᠤᠨ ᠣᠶᠤᠨᠴᠢ ᠲᠠᠷᠢᠮᠠᠯ ᠤᠨ ᠰᠠᠭᠤᠷᠢᠨ ᠭᠠᠵᠠᠷ ᠤᠨ ᠬᠦᠷᠢᠶᠡᠯᠡᠩ ᠲᠣᠭᠤᠷᠢᠭ ᠲᠤ᠂ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠭᠠᠷ ᠤᠲᠠᠰᠤ ᠪᠠᠷ ᠨᠡᠷᠡᠨ ᠬᠡᠷᠡᠯᠳᠦ ᠰᠠᠷᠭᠠᠢ ᠦᠵᠦᠮ ᠤᠨ ᠬᠦᠯᠡᠮᠵᠢ ᠶᠢᠨ ᠬᠦᠯᠡᠮᠵᠢ ᠳᠤ ᠤᠭᠰᠠᠷᠠᠭᠰᠠᠨ ᠡᠯ᠎ᠡ ᠲᠦᠷᠦᠯ ᠤᠨ ᠨᠦᠯᠦᠭᠡᠯᠡᠭᠦᠷ ᠤᠨ ᠲᠤᠭ᠎ᠠ ᠪᠠᠷᠢᠮᠲᠠ ᠶᠢ ᠪᠠᠶᠢᠴᠠᠭᠠᠨ ᠦᠵᠡᠵᠦ᠂ ᠬᠥᠷᠥᠰᠥ ᠰᠢᠷᠣᠢ᠂ ᠠᠭᠠᠷ ᠤᠨ ᠳᠤᠯᠠᠭᠠᠨ ᠤ ᠬᠡᠮᠵᠢᠶ᠎ᠡ ᠴᠢᠭᠢᠭ ᠤᠨ ᠬᠡᠮᠵᠢᠶ᠎ᠡ᠂ ᠭᠡᠷᠡᠯ ᠤᠨ ᠲᠤᠰᠤᠯᠲᠠ ᠶᠢᠨ ᠬᠦᠴᠦᠯᠡᠴᠡ᠂ ᠬᠥᠷᠥᠰᠥᠨ ᠤ ᠰᠢᠮ᠎ᠡ ᠲᠡᠵᠢᠭᠡᠯ ᠤᠨ ᠠᠭᠤᠯᠤᠭᠳᠠᠴᠠ ᠵᠡᠷᠭᠡ ᠶᠢ ᠴᠠᠭ ᠲᠤᠬᠠᠢ ᠳᠤᠨᠢ ᠬᠢᠨᠠᠨ ᠬᠡᠮᠵᠢᠵᠦ᠂ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠨᠢ ᠤᠳᠤ ᠦᠶ᠎ᠡ ᠶᠢᠨ ᠬᠥᠳᠡᠭᠡ ᠠᠵᠤ ᠠᠬᠤᠢ ᠳᠤ︽ᠤᠶᠤᠨ ᠪᠢᠯᠢᠭ︾ᠵᠢᠭᠦᠷ ᠤᠷᠭᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ ᠡᠭᠦᠨ ᠤ ᠬᠠᠮᠲᠤ᠂ ᠬᠦᠷᠢᠶᠡᠯᠡᠩ ᠲᠣᠭᠤᠷᠢᠭ ᠲᠤ ᠪᠠᠰᠠ ᠲᠠᠷᠢᠶᠠᠯᠠᠩ ᠤᠨ ᠲᠤᠰᠬᠠᠢ ᠮᠡᠷᠭᠡᠵᠢᠯ ᠤᠨ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠢ ᠭᠥᠯᠢᠶᠡᠨ ᠠᠪᠴᠤ ᠣᠶᠢᠷ᠎ᠠ ᠬᠠᠪᠢ ᠶᠢᠨ ᠰᠠᠭᠤᠭᠠᠯᠢ ᠠᠷᠠᠳ ᠢ ᠳᠠᠶᠢᠴᠢᠯᠠᠨ ᠣᠷᠳᠣ ᠬᠤᠭᠤᠴᠠᠭ᠎ᠠ ᠪᠠᠷ ᠲᠣᠭᠲᠠᠪᠤᠷᠢᠲᠠᠢ ᠠᠵᠢᠯ ᠣᠯᠭᠤᠵᠤ᠂ ᠲᠠᠷᠢᠶᠠᠴᠢᠳ ᠤᠨ ᠵᠢᠯ ᠳᠤ 300 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠪᠡᠯ᠂ ᠪᠠᠶᠢᠭ᠎ᠠ ᠭᠠᠵᠠᠷ ᠤᠨ ᠢᠶᠠᠨ ᠵᠢᠯ ᠪᠦᠷᠢ 100 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠣᠯᠠᠨ ᠲᠠᠯ᠎ᠠ ᠪᠠᠷ ᠬᠠᠮᠲᠤ ᠪᠠᠷ ᠠᠰᠢᠭ ᠭᠥᠷᠳᠡᠬᠦ᠂ ᠦᠷᠭᠦᠯᠵᠢᠯᠡᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠵᠦ ᠴᠢᠳᠠᠨ᠎ᠠ᠃            ᠠᠵᠤ ᠦᠢᠯᠡᠰ ᠢ ᠬᠥᠭᠵᠢᠭᠦᠯᠪᠡᠯ ᠬᠥᠳᠡᠭᠡ ᠲᠣᠰᠬᠤᠨ ᠰᠠᠶ᠋ᠢ ᠬᠦᠭᠵᠢᠵᠦ ᠴᠢᠳᠠᠨ᠎ᠠ᠃ ᠰᠠᠶᠢᠬᠠᠨ ᠲᠣᠭᠤᠷᠢᠭ ᠬᠥᠳᠡᠭᠡ ᠠᠵᠤ ᠠᠬᠤᠢ ᠶᠢᠨ ᠣᠨᠴᠠᠯᠢᠭᠲᠤ ᠠᠵᠤ ᠦᠢᠯᠡᠰ ᠢ ᠶᠡᠬᠡᠪᠡᠷ ᠪᠣᠶᠢᠵᠢᠭᠤᠯᠤᠨ ᠰᠢᠯᠢᠳᠡᠭᠵᠢᠭᠦᠯᠵᠦ᠂ ᠲᠦᠷᠦᠯ ᠵᠦᠢᠯ ᠢᠶᠠᠷ ᠬᠥᠲᠥᠯᠬᠦ ᠶᠢ ᠴᠢᠨᠠᠭᠰᠢᠳᠠ ᠴᠢᠩᠭᠠᠳᠬᠠᠵᠤ᠂ ᠪᠣᠳᠠᠲᠤ ᠬᠦᠴᠦᠨ ᠲᠠᠢ ᠠᠵᠤ ᠠᠬᠤᠶᠢᠯᠠᠯ ᠢ ᠣᠷᠣᠭᠤᠯᠤᠨ‌ᠠᠪᠴᠢᠷᠠᠵᠤ᠂ ᠨᠤᠲᠤᠭ ᠤᠨ ᠣᠨᠴᠠ ᠭᠠᠷᠤᠯᠲᠠ ᠶᠢᠨ ᠲᠠᠯ᠎ᠠ ᠪᠠᠷ ᠠᠷᠭ᠎ᠠ ᠭᠠᠷᠭᠠᠵᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠲᠠᠯ᠎ᠠ ᠪᠠᠷ ᠦᠷ᠎ᠡ ᠠᠰᠢᠭ ᠢ ᠡᠷᠢᠯᠬᠢᠯᠡᠵᠦ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠬᠠᠭᠤᠴᠢᠨ ᠢ ᠨᠤᠷᠠᠭᠠᠵᠤ ᠰᠢᠨ᠎ᠡ ᠶᠢ ᠪᠠᠶᠢᠭᠤᠯᠬᠤ ᠪᠠᠷ ᠳᠠᠮᠵᠢᠭᠤᠯᠤᠨ᠂ ᠤᠯᠠᠮᠵᠢᠯᠠᠯᠲᠤ ᠢᠳᠡᠰᠢᠨ ᠨᠣᠭᠤᠭ᠎ᠠ ᠶᠢᠨ ᠬᠦᠯᠡᠮᠵᠢ ᠶᠢ ᠲᠡᠰ ᠳᠡᠪᠰᠢᠭᠦᠯᠦᠨ ᠥᠭᠡᠷᠡᠴᠢᠯᠡᠵᠦ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ 1700 ᠬᠦᠯᠡᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠵᠢᠮᠢᠰ ᠨᠣᠭᠤᠭ᠎ᠠ ᠶᠢᠨ ᠭᠠᠷᠤᠯᠲᠠ ᠶᠢ 1 ᠲᠦᠮᠡᠨ ᠲᠣᠨ ᠰᠢᠨ᠎ᠡ ᠪᠠᠷ ᠨᠡᠮᠡᠭᠳᠡᠭᠦᠯᠬᠦ ᠪᠠᠷ ᠵᠢᠱᠢᠵᠦ ᠪᠠᠶᠢᠨ᠎ᠠ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ ᠵᠡᠷᠭᠡ ᠪᠠᠷ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠤᠳᠤ ᠦᠶ᠎ᠡ ᠶᠢᠨ ᠲᠠᠷᠢᠶᠠᠯᠠᠩ ᠤᠨ ᠺᠣᠮᠫᠠᠨᠢ ᠶᠢ ᠣᠷᠣᠭᠤᠯᠤᠨ ᠠᠪᠴᠢᠷᠠᠵᠤ᠂ ᠬᠡᠪᠴᠢᠶᠡᠵᠢᠭᠰᠡᠨ᠂ ᠡᠷᠴᠢᠮᠵᠢᠭᠰᠡᠨ ᠤᠳᠤ ᠦᠶ᠎ᠡ ᠶᠢᠨ ᠲᠠᠷᠢᠶᠠᠯᠠᠩ ᠤᠨ ᠲᠠᠷᠢᠮᠠᠯ ᠤᠨ 2023 ᠣᠨ ᠳᠤ ᠵᠢᠶᠠ ᠱᠢ ᠲᠠᠷᠢᠶᠠᠯᠠᠩ᠂ ᠮᠣᠩᠭᠤᠯ ᠵᠤᠭᠠᠴᠠᠯ ᠤᠨ ᠲᠡᠮᠳᠡᠭᠯᠡᠯ᠂ ᠷᠦᠨ ᠽᠦ ᠶᠤᠸᠠᠨ ᠵᠡᠷᠭᠡ 21 ᠥᠨᠳᠥᠷ ᠪᠠᠷᠢᠮᠵᠢᠶᠠᠲᠤ ᠲᠥᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠢ ᠰᠠᠶᠢᠬᠠᠨ ᠲᠣᠭᠤᠷᠢᠭ ᠲᠤ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 3.34 ᠳ᠋ᠦᠩᠰᠢᠭᠤᠷ ᠲᠥᠭᠦᠷᠢᠭ ᠲᠤ ᠬᠦᠷᠴᠡᠢ᠃
         ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ      ᠬᠤᠸᠠᠩ ᠾᠧ ᠱᠤᠤ ᠪᠠᠯᠭᠠᠰᠤᠨ ᠤ ᠵᠦ ᠬᠠᠢ ᠲᠣᠰᠬᠤᠨ ᠳᠤ᠂ ᠠᠷᠠᠳ ᠤᠨ ᠡᠳᠦᠷ ᠪᠦᠷᠢ ᠶᠢᠨ ᠨᠢᠭᠡᠳᠦᠭᠡᠷ ᠶᠠᠪᠤᠳᠠᠯ ᠪᠣᠯ ᠨᠢᠭᠡ ᠭᠠᠵᠠᠷ ᠬᠤᠯᠠ ᠭᠠᠵᠠᠷ ᠠᠴᠠ ᠤᠰᠤ ᠠᠪᠴᠤ᠂ ᠤᠰᠤ ᠳᠠᠮᠨᠠᠬᠤ ᠳᠤ ᠴᠠᠭ ᠪᠠ ᠬᠦᠴᠦ ᠪᠠᠷᠠᠬᠤ ᠪᠠᠷ ᠪᠠᠷᠠᠬᠤ ᠦᠭᠡᠢ᠂ ᠤᠰᠤ ᠬᠡᠷᠡᠭᠯᠡᠬᠦ ᠳᠡᠭᠡᠨ ᠨᠢᠭᠲᠠ ᠪᠤᠳᠤᠬᠤ ᠬᠡᠷᠡᠭᠲᠡᠢ ᠪᠠᠶᠢᠵᠠᠢ᠃ ᠣᠳᠣᠬᠠᠨ ᠳᠤ᠂ ᠲᠣᠭᠤᠭᠠᠨ ᠭᠡᠷ ᠤᠨ ᠢᠶᠠᠨ ᠤᠰᠤᠨ ᠴᠣᠷᠭᠤ ᠶᠢ ᠨᠡᠭᠡᠭᠡᠬᠦ ᠳᠤ᠂ ᠲᠦᠭᠡᠭᠡᠯ ᠤᠰᠤ ᠶᠢ 24 ᠴᠠᠭ ᠢᠶᠠᠷ ᠲᠠᠰᠤᠷᠠᠯᠲᠠ ᠦᠭᠡᠢ ᠬᠠᠩᠭᠠᠵᠤ᠂ ᠤᠰᠤ ᠪᠤᠴᠠᠯᠭᠠᠬᠤ᠂ ᠨᠣᠭᠤᠭ᠎ᠠ ᠤᠬᠢᠶᠠᠬᠤ᠂ ᠬᠤᠭᠤᠯᠠ ᠬᠢᠬᠦ ᠳᠤ ᠴᠡᠪᠡᠷ ᠲᠤᠩᠭᠠᠯᠠᠭ ᠲᠦᠭᠡᠭᠡᠯ ᠤᠰᠤ ᠬᠡᠷᠡᠭᠯᠡᠭᠰᠡᠨ ᠠᠴᠠ ᠲᠣᠰᠬᠤᠨ ᠤ ᠠᠷᠠᠳ ᠤᠨ ᠠᠮᠢᠳᠤᠷᠠᠯ ᠴᠤ ᠨᠠᠩ ᠲᠠᠭᠠᠯᠠᠮᠵᠢᠲᠠᠢ ᠪᠣᠯᠤᠭᠰᠠᠨ ᠪᠠᠶᠢᠨ᠎ᠠ᠃      ᠰᠠᠶᠢᠬᠠᠨ ᠲᠣᠭᠤᠷᠢᠭ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠨ ᠲᠥᠯᠥᠭᠡ ᠦᠢᠯᠡᠴᠢᠯᠡᠬᠦ ᠰᠠᠭᠤᠷᠢ ᠪᠠᠨ ᠪᠠᠲᠤᠳᠬᠠᠵᠤ᠂ ᠬᠥᠳᠡᠭᠡ ᠲᠣᠰᠬᠤᠨ ᠤ ᠲᠥᠬᠦᠭᠡᠷᠦᠮᠵᠢ ᠶᠢᠨ ᠳᠤᠲᠠᠭᠤᠳᠠᠯ ᠢ ᠦᠷᠭᠦᠯᠵᠢᠯᠡᠨ ᠨᠥᠬᠦᠪᠦᠷᠢᠯᠡᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠠᠷᠳᠠᠩ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠪᠠ᠃ ᠬᠥᠳᠡᠭᠡ ᠲᠣᠰᠬᠤᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ᠂ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠨ ᠤ ᠠᠮᠢ ᠠᠬᠤᠢ ᠶᠢ ᠬᠠᠮᠠᠭᠠᠯᠠᠨ ᠵᠠᠰᠠᠬᠤ ᠵᠡᠷᠭᠡ ᠲᠠᠯ᠎ᠠ ᠪᠠᠷ ᠭᠤᠣᠯᠳᠠᠭᠤᠯᠤᠨ᠂ ᠵᠦᠢᠯᠡᠰ ᠤᠨ ᠬᠡᠷᠡᠭᠵᠢᠭᠦᠯᠦᠯᠲᠡ ᠶᠢ ᠢᠳᠡᠪᠬᠢᠲᠡᠢ ᠪᠠᠷ ᠲᠥᠯᠥᠪᠯᠡᠵᠦ᠂ ᠤᠰᠤᠨ ᠠᠰᠢᠭᠯᠠᠯᠲᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ; ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠨᠡᠷ᠎ᠡ ᠨᠢᠳᠡᠷ ᠲᠠᠢ ᠪᠠᠶᠢᠬᠤ ᠶᠢ ᠪᠦᠬᠦ ᠬᠦᠴᠦᠨ ᠢᠶᠠᠷ ᠠᠬᠢᠭᠤᠯᠵᠤ᠂ ᠭᠤᠣᠯ ᠮᠥᠷᠡᠨ ᠢ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠭᠤᠣᠯ ᠮᠥᠷᠡᠨ ᠤ ᠵᠠᠮ ᠢ ᠤᠷᠳᠤ ᠬᠤᠭᠤᠴᠠᠭ᠎ᠠ ᠪᠠᠷ ᠵᠠᠰᠠᠵᠤ ᠤᠷᠳᠤ ᠬᠤᠭᠤᠴᠠᠭ᠎ᠠ ᠪᠠᠷ ᠴᠡᠪᠡᠷᠯᠡᠬᠦ ᠶᠢ ᠪᠠᠲᠤᠯᠠᠬᠤ ︽ᠳᠥᠷᠪᠡᠨ ᠰᠠᠶᠢᠨᠲᠠᠢ︾ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠵᠠᠮ ᠤᠨ ᠲᠣᠣᠷ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠪᠣᠷᠳᠣᠭᠤᠷ ᠢ ᠬᠢᠵᠠᠭᠠᠷᠯᠠᠬᠤ ᠡᠮ ᠢ ᠬᠢᠵᠠᠭᠠᠷᠯᠠᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠢ ᠬᠡᠷᠡᠭᠯᠡᠬᠦ ᠡᠷᠴᠢᠮ ᠤᠨ ᠰᠥᠭᠡᠷᠭᠦ ᠨᠡᠮᠡᠭᠳᠡᠯ ᠢ ᠪᠠᠲᠤᠯᠠᠵᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ; ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ︽ᠬᠤᠷ᠎ᠠ ᠪᠣᠷᠣᠭᠠᠨ ᠤ ᠲᠥᠯᠥᠪᠯᠡᠭᠡ︾ ᠶᠢᠨ ᠨᠥᠬᠦᠪᠦᠷᠢ ᠶᠢᠨ ᠵᠦᠢᠯᠡᠰ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃
     ᠲᠠᠷᠢᠶᠠᠯᠠᠩ ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠵᠤ ᠠᠷᠠᠳ ᠲᠤ ᠠᠰᠢᠭ ᠬᠦᠷᠲᠡᠭᠡᠬᠦ ᠲᠥᠷᠥᠭᠳᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ         ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠥᠪᠥᠷ ᠮᠣᠩᠭᠤᠯ ᠤᠨ ᠵᠢᠭᠤᠯᠴᠢᠯᠠᠯ ᠤᠨ ᠲᠡᠮᠳᠡᠭᠯᠡᠯ ᠤᠨ ᠲᠠᠷᠢᠶᠠᠨ ᠭᠠᠵᠠᠷ ᠤᠨ ᠶᠡᠷᠦᠩᠬᠡᠢ ᠴᠣᠭᠴᠠ ᠶᠢᠨ ᠲᠥᠷᠥᠯ ᠵᠦᠢᠯ ᠤᠨ ᠭᠠᠵᠠᠷ ᠲᠤ᠂ ᠡᠮᠬᠢ ᠵᠠᠮᠪᠠᠷᠠᠭ᠎ᠠ ᠲᠠᠢ ᠪᠠᠶᠢᠵᠤ᠂ ᠠᠳᠡ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠠᠮᠲᠠᠯᠠᠵᠤ᠂ ᠬᠡᠭᠡᠷ᠎ᠡ ᠬᠤᠨᠣᠭᠯᠠᠨ ᠵᠤᠭᠠᠴᠠᠵᠤ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠥᠷᠨᠢᠭᠦᠯᠵᠦ ᠪᠣᠯᠣᠨ᠎ᠠ ᠁ ᠲᠣᠮᠣ ᠬᠦᠯᠡᠮᠵᠢ ᠶᠢᠨ ᠳᠣᠲᠣᠨ᠎ᠠ ᠭᠠᠳᠠᠨᠠᠬᠢ ᠲᠠᠷᠢᠶᠠᠯᠠᠩ ᠤᠨ ᠦᠵᠡᠮᠵᠢ ᠳᠤ ᠬᠤᠳᠠ ᠶᠢᠨ ᠠᠮᠢᠳᠤᠷᠠᠯ ᠠᠭᠤᠯᠤᠭᠳᠠᠵᠤ᠂ ᠬᠤᠳᠠ ᠶᠢᠨ ᠠᠮᠢᠳᠤᠷᠠᠯ ᠢ ᠬᠥᠷᠥᠰᠥ ᠰᠢᠷᠣᠢ ᠶᠢᠨ ᠴᠡᠪᠡᠷ ᠲᠤᠩᠭᠠᠯᠠᠭ ᠪᠣᠯᠭᠠᠵᠤ᠂ ᠬᠤᠳᠠ ᠶᠢᠨ ᠬᠥᠮᠥᠰ ᠤᠨ︽ᠰᠢᠯᠦᠭ ᠪᠠ ᠠᠯᠤᠰ ᠤᠨ ᠠᠶᠠᠯᠠᠯ︾ ᠤᠨ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠡᠷᠬᠢᠨ ᠲᠣᠭᠤᠷᠢᠨ ᠤ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠲᠠᠶᠢᠴᠢᠯᠠᠵᠠᠢ᠃            ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠭᠡᠨ ᠬᠥᠭᠵᠢᠯᠲᠡ ᠶᠢ ᠠᠬᠢᠭᠤᠯᠬᠤ ᠳᠤ᠂︽ᠬᠥᠳᠡᠭᠡ ᠠᠵᠤ ᠠᠬᠤᠢ + ᠰᠣᠶᠣᠯ + ᠵᠤᠭᠠᠴᠠᠯ︾ ᠢ ᠠᠭᠤᠰᠤᠯᠴᠠᠭᠤᠯᠤᠨ ᠬᠥᠭᠵᠢᠭᠦᠯᠬᠦ ᠨᠢ ᠨᠢᠭᠡᠨᠲᠡ ᠨᠢᠭᠡ ᠵᠦᠢᠯ ᠤᠨ ᠲᠤᠶᠢᠯ ᠤᠨ ᠦᠢᠯᠡᠳᠦᠯᠭᠡ ᠶᠢᠨ ᠠᠴᠢ ᠬᠤᠯᠪᠣᠭᠳᠠᠯ ᠲᠠᠢ ᠬᠥᠭᠵᠢᠯᠲᠡ ᠶᠢᠨ ᠵᠠᠭᠪᠤᠷ ᠪᠣᠯᠵᠠᠢ᠃ ᠰᠠᠶᠢᠬᠠᠨ ᠲᠣᠭᠤᠷᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠣᠳᠣ ᠦᠶ᠎ᠡ ᠶᠢᠨ ᠰᠡᠯᠡᠭᠦᠴᠡᠯ ᠤᠨ ᠲᠠᠷᠢᠶᠠᠯᠠᠩ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ ᠰᠡᠯᠡᠭᠦᠴᠡᠯ ᠤᠨ ᠲᠡᠭᠦᠵᠦ ᠲᠡᠭᠦᠬᠦ᠂ ᠠᠷᠠᠳ ᠤᠨ ᠣᠷᠣᠨ ᠰᠠᠭᠤᠴᠠ ᠶᠢᠨ ᠵᠤᠭᠠᠴᠠᠯ᠂ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂︽ᠴᠢᠭ᠋ ᠢ ᠬᠤᠯᠪᠣᠵᠤ ᠵᠠᠯᠭᠠᠯᠳᠤᠭᠤᠯᠤᠨ ᠬᠡᠰᠡᠭᠯᠡᠬᠦ︾ᠬᠥᠭᠵᠢᠯᠲᠡ ᠶᠢᠨ ᠰᠡᠳᠬᠢᠴᠡ ᠪᠠᠷ᠂ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ︽ᠲᠦᠷᠪᠡᠨ ᠱᠤᠭᠤᠮ ᠲᠠᠪᠤᠨ ᠭᠠᠵᠠᠷ ᠤᠯᠠᠨ ᠴᠢᠭ᠋︾ ᠤᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠬᠤᠳᠠ ᠶᠢᠨ ᠠᠷᠠᠳ ᠢ ᠬᠥᠳᠡᠭᠡ ᠲᠣᠰᠬᠤᠨ ᠤ ᠬᠡᠷᠡᠭᠯᠡᠭᠡ ᠳᠤ ᠣᠷᠣᠭᠤᠯᠬᠤ ᠶᠢ ᠲᠠᠲᠠᠵᠤ᠂ ᠰᠡᠯᠡᠭᠦᠴᠡᠯ ᠤᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠣᠶᠢᠵᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 ᠳᠠᠷᠠᠭ᠎ᠠ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ︽ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ︾ ᠬᠤᠳᠠ ᠶᠢᠨ ᠬᠡᠯᠪᠡᠷᠢ ᠶᠢᠨ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠠᠷᠢᠶᠠᠯᠠᠩ ᠤᠨ ᠠᠵᠤ ᠦᠢᠯᠡᠰ ᠤᠨ ︽ᠵᠢᠷᠭᠤᠭᠠᠨ ᠶᠡᠭᠡ ᠠᠵᠢᠯᠯᠠᠭ᠎ᠠ︾ ᠶᠢ ᠬᠡᠷᠡᠭᠵᠢᠭᠦᠯᠵᠦ᠂ ︽ᠭᠤᠷᠪᠠᠨ ᠭᠤᠣᠯᠯᠠᠭᠴᠢ᠂ ᠭᠤᠷᠪᠠᠨ ᠰᠠᠭᠤᠷᠢᠨ ᠭᠠᠵᠠᠷ᠂ ᠭᠤᠷᠪᠠᠨ ᠵᠢᠱᠢᠶ᠎ᠡ ᠦᠵᠡᠭᠦᠯᠬᠦ︾ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠵᠤ᠂ ᠲᠠᠷᠢᠶᠠᠯᠠᠩ ᠤᠨ ᠴᠢᠨᠠᠷ ᠰᠠᠶᠢᠲᠠᠢ ᠪᠥᠭᠡᠳ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠤᠷᠳᠤ ᠬᠤᠭᠤᠴᠠᠭ᠎ᠠ ᠪᠠᠷ ᠲᠦᠯᠬᠢᠨ ᠠᠬᠢᠭᠤᠯᠵᠤ᠂ ᠲᠠᠰᠤᠷᠠᠯᠳᠠ ᠦᠭᠡᠢ ᠦᠨᠡᠨ ᠪᠣᠳᠠᠲᠠᠢ ᠰᠢᠨ᠎ᠡ ᠦᠷ᠎ᠡ ᠪᠦᠲᠦᠮᠵᠢ ᠣᠯᠬᠤ  ᠪᠠᠷ ᠴᠢᠷᠮᠠᠶᠢᠨ᠎ᠠ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号