ᠰᠦᠯᠵᠢᠶᠡᠨ ᠤ ᠠᠮᠤᠷ ᠲᠦᠪᠰᠢᠨ ᠢ ᠬᠠᠮᠲᠤᠪᠠᠷ ᠪᠠᠶᠢᠭᠤᠯᠵᠤ ᠰᠠᠬᠢᠨ ᠬᠠᠮᠡᠭᠠᠯᠠᠨ᠎ᠠ
ᠨᠡᠶᠢᠲᠡᠯᠡᠭᠰᠡᠨ ᠴᠠᠭ᠄
2023/12/7
     ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠵᠠᠯᠠᠭᠤᠴᠤᠳ ᠪᠠᠭᠠᠴᠤᠳ ᠢ ᠬᠠᠪᠰᠤᠷᠤᠨ ᠵᠥᠪ ᠰᠦᠯᠵᠢᠶᠡᠨ ᠤ ᠦᠵᠡᠯᠲᠡ ᠶᠢ ᠪᠤᠢ ᠪᠣᠯᠭᠠᠵᠤ᠂ ᠡᠷᠡᠭᠦᠯ ᠴᠢᠭᠢᠷᠠᠭ᠂ ᠪᠣᠯᠪᠠᠰᠤᠨ᠂ ᠡᠶ᠎ᠡ ᠵᠣᠬᠢᠴᠠᠩᠭᠤᠢ ᠰᠦᠯᠵᠢᠶᠡᠨ ᠤ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠣᠶᠢᠷ᠎ᠠ ᠳᠤ᠂ ᠰᠠᠶᠢᠬᠠᠨ ᠲᠣᠭᠤᠷᠢᠭ ᠤᠨ ᠬᠤᠰᠢᠭᠤᠴᠢ ᠵᠠᠮ ᠤᠨ ᠪᠠᠭ᠎ᠠ ᠰᠤᠷᠭᠠᠭᠤᠯᠢ ᠳᠤ ︽ᠰᠢᠨ᠎ᠡ ᠠᠶᠠᠨ ᠵᠠᠮ ᠤᠨ ᠰᠦᠯᠵᠢᠶᠡᠨ ᠤ ᠢᠳᠡᠪᠬᠢ ᠬᠦᠴᠦᠨ ᠢ ᠲᠥᠪᠯᠡᠷᠡᠭᠦᠯᠦᠨ ᠬᠥᠬᠡᠬᠤᠲᠠ ᠶᠢᠨ ᠰᠠᠶᠢᠨ ᠰᠦᠯᠵᠢᠶᠡᠨ ᠤ ᠠᠷᠠᠳ ᠪᠣᠯᠬᠤ ᠪᠠᠷ ᠴᠢᠷᠮᠠᠶᠢᠬᠤ︾ ᠰᠦᠯᠵᠢᠶᠡᠨ ᠤ ᠪᠣᠯᠪᠠᠰᠤᠨ ᠢᠶᠠᠷ ᠰᠤᠷᠭᠠᠭᠤᠯᠢ ᠶᠢᠨ ᠬᠦᠷᠢᠶᠡᠨ ᠳᠤ ᠣᠷᠣᠬᠤ ᠡᠬᠢᠯᠡᠯᠲᠡ ᠶᠢᠨ ᠶᠣᠰᠣᠯᠠᠯ ᠵᠢᠴᠢ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠢᠷᠡᠭᠡᠳᠦᠢ ᠶᠢᠨ ᠵᠠᠮ ᠤᠨ ᠬᠠᠮᠠᠭᠠᠯᠠᠯᠲᠠ︾ ᠶᠢᠨ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃
           ᠠᠵᠢᠯᠯᠠᠭᠠᠨ ᠤ ᠳᠤᠮᠳᠠ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭᠰᠢ ᠸᠢᠳᠢᠤ᠋᠂ ᠵᠢᠷᠤᠭ᠂ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ ᠰᠦᠯᠵᠢᠶᠡᠨ ᠤ ᠦᠨᠡᠨᠴᠢ ᠢᠲᠡᠭᠡᠮᠵᠢ ᠶᠢᠨ ᠲᠤᠬᠠᠢ ᠤᠬᠠᠭᠤᠯᠭ᠎ᠠ ᠬᠥᠮᠦᠵᠢᠯ ᠬᠢᠵᠦ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠬᠤ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠵᠢᠷᠤᠮ ᠤᠨ ᠬᠢᠵᠠᠭᠠᠷ ᠱᠤᠭᠤᠮ ᠢ ᠪᠠᠲᠤ ᠰᠠᠬᠢᠵᠤ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠦᠨᠡᠨᠴᠢ ᠢᠲᠡᠭᠡᠮᠵᠢᠲᠡᠢ ᠣᠪᠣᠷ ᠢᠶᠠᠷ ᠰᠦᠯᠵᠢᠶᠡᠨ ᠤ ᠮᠡᠳᠡᠭᠡ ᠵᠠᠩᠭᠢ ᠳᠤ ᠬᠠᠨᠳᠤᠵᠤ᠂ ᠪᠤᠰᠤᠳ ᠤᠨ ᠬᠤᠪᠢ ᠶᠢᠨ ᠨᠢᠭᠤᠴᠠ ᠶᠢ ᠬᠦᠨᠳᠦᠳᠬᠡᠵᠦ᠂ ᠪᠤᠰᠤᠳ ᠤᠨ ᠡᠷᠬᠡ ᠠᠰᠢᠭ ᠲᠤ ᠬᠠᠯᠳᠠᠬᠤ ᠦᠭᠡᠢ᠂ ᠡᠭᠦᠨ ᠤ ᠬᠠᠮᠲᠤ  ᠰᠦᠯᠵᠢᠶᠡᠨ ᠤ ᠲᠦᠭᠰᠢᠭᠦᠷᠢ ᠶᠢ ᠣᠶᠢᠯᠠᠭᠠᠵᠤ᠂ ᠬᠤᠪᠢ ᠬᠥᠮᠥᠨ ᠤ ᠮᠡᠳᠡᠭᠡ ᠵᠠᠩᠭᠢ ᠪᠠᠨ ᠬᠠᠮᠠᠭᠠᠯᠠᠬᠤ ᠶᠢ ᠰᠤᠷᠴᠤ᠂ ᠰᠦᠯᠵᠢᠶᠡᠨ ᠳᠤ ᠪᠣᠯᠪᠠᠰᠤᠨ ᠢᠶᠠᠷ ᠭᠠᠷᠬᠤ ᠰᠠᠶᠢᠨ ᠳᠠᠳᠬᠠᠯ ᠲᠠᠢ ᠪᠣᠯᠭᠠᠬᠤ ᠬᠡᠷᠡᠭᠲᠡᠢ᠃
         ᠲᠤᠰ ᠤᠳᠠᠭ᠎ᠠ ᠶᠢᠨ ᠠᠵᠢᠯᠯᠠᠭ᠎ᠠ ᠨᠢ ᠰᠤᠷᠤᠭᠴᠢᠳ ᠤᠨ ᠰᠦᠯᠵᠢᠶᠡᠨ ᠤ ᠦᠨᠡᠨᠴᠢ ᠢᠲᠡᠭᠡᠮᠵᠢ᠂ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠶᠣᠰᠣ ᠰᠤᠷᠲᠠᠬᠤᠨ ᠤ ᠲᠤᠬᠠᠢ ᠭᠦᠨ ᠪᠣᠳᠣᠯᠭᠠᠰᠢᠷᠠᠯ ᠢ ᠡᠭᠦᠰᠬᠡᠵᠦ᠂ ᠰᠤᠷᠤᠭᠴᠢᠳ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠡᠢ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠤᠰᠢᠭᠤᠴᠢ ᠵᠠᠮ ᠤᠨ ᠪᠠᠭ᠎ᠠ ᠰᠤᠷᠭᠠᠭᠤᠯᠢ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠦᠯᠵᠢᠶᠡᠨ ᠤ ᠪᠣᠯᠪᠠᠰᠤᠨ ᠢᠶᠠᠷ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠯᠵᠢᠶᠡᠨ ᠤ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠪᠣᠬᠢᠷᠲᠤᠯ ᠦᠭᠡᠢ ᠪᠠᠷ ᠰᠦᠯᠵᠢᠶᠡᠨ ᠳᠤ ᠭᠠᠷᠬᠤ ᠶᠢ ᠢᠳᠡᠪᠬᠢᠲᠡᠢ ᠬᠥᠲᠥᠯᠥᠨ ᠳᠠᠭᠠᠭᠤᠯᠵᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠣᠨ ᠵᠠᠢ ᠶᠢ ᠬᠠᠮᠲᠤᠪᠠᠷ ᠪᠤᠢ ᠪᠣᠯᠭᠠᠨ᠎ᠠ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号