ᠮᠥᠰᠥ ᠴᠠᠰᠤᠨ ᠤ ᠪᠠᠶᠠᠷ ᠪᠣᠯᠣᠯ᠎ᠠ!
ᠨᠡᠶᠢᠲᠡᠯᠡᠭᠰᠡᠨ ᠴᠠᠭ᠄
2023/12/7
     2024 ᠣᠨ ᠤ ᠬᠥᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠪᠠᠶᠠᠷ ᠪᠠᠶᠠᠰᠬᠤᠯᠠᠩᠲᠤ ᠮᠥᠰᠥ ᠴᠠᠰᠤᠨ ᠤ ᠪᠠᠶᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠬᠢᠯᠡᠪᠡ᠃
    ︵ᠵᠢᠷᠤᠭ ᠪᠣᠯ ᠡᠪᠡᠰᠦ ᠠᠷᠢᠯᠭᠠᠬᠤ ᠪᠠ ᠭᠠᠵᠠᠷ ᠲᠡᠭᠰᠢᠯᠡᠬᠦ ᠠᠵᠢᠯ ᠪᠣᠯᠣᠨ᠎ᠠ︶      ᠣᠶᠢᠷ᠎ᠠ ᠳᠤ᠂ ᠶᠡᠭᠡ ᠬᠡᠪᠴᠢᠶᠡᠨ ᠤ ᠡᠪᠡᠰᠦ ᠠᠷᠢᠯᠭᠠᠬᠤ ᠪᠠ ᠭᠠᠵᠠᠷ ᠰᠢᠷᠣᠢ ᠶᠢ ᠲᠡᠭᠰᠢᠯᠡᠬᠦ ᠠᠵᠢᠯ ᠶᠠᠭᠠᠷᠠᠯᠲᠠᠢ ᠶᠠᠪᠤᠭᠳᠠᠬᠤ ᠶᠢ ᠳᠠᠭᠠᠯᠳᠤᠨ᠂ ︽2024 ᠣᠨ ᠤ ᠬᠥᠬᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠮᠥᠰᠥ ᠴᠠᠰᠤᠨ ᠤ ᠪᠠᠶᠠᠷ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠠᠶᠢᠬᠠᠨ ᠲᠣᠭᠤᠷᠢᠭ ᠤᠨ ᠶᠡᠭᠡ ᠲᠦᠷᠭᠡᠨ ᠭᠤᠣᠯ ᠴᠡᠷᠢᠭ ᠤᠨ ᠶᠠᠪᠤᠳᠠᠯ ᠤᠨ ᠰᠣᠶᠣᠯ ᠤᠨ ᠬᠦᠷᠢᠶᠡᠯᠡᠩ ᠳᠤ ᠡᠬᠢᠯᠡᠵᠦ᠂ ᠬᠦᠷᠢᠶᠡᠯᠡᠩ ᠲᠣᠭᠤᠷᠢᠭ ᠤᠨ ᠨᠡᠭᠡᠭᠡᠯᠲᠡ ᠶᠢᠨ ᠶᠡᠷᠦᠩᠬᠡᠢ ᠲᠠᠯᠠᠪᠠᠶ 27 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠬᠦ ᠪᠣᠯᠣᠨ᠎ᠠ᠃
    ᠡᠨᠡ ᠵᠢᠯ ᠤᠨ ᠬᠥᠬᠡᠬᠤᠲᠠ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠤᠰ ᠬᠤᠭᠤᠴᠠᠭᠠᠨ ᠤ ᠮᠥᠰᠥ ᠴᠠᠰᠤᠨ ᠤ ᠨᠠᠶᠢᠷ ᠲᠤ ᠥᠪᠡᠷᠮᠢᠴᠡ ᠣᠨᠴᠠᠯᠢᠭ  ᠲᠠᠢ ᠠᠵᠢᠯᠯᠠᠭ᠎ᠠ  ᠶᠢ ᠪᠡᠶᠡᠴᠢᠯᠡᠨ  ᠪᠠᠰᠠ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠤᠨ ᠲᠣᠭᠤᠷᠢᠭ ᠢ ᠥᠷᠭᠡᠳᠬᠡᠵᠦ᠂ ᠪᠦᠲᠦᠭᠡᠯᠴᠢ ᠴᠢᠨᠠᠷᠲᠠᠢ ᠭᠤᠣᠯ ᠰᠡᠳᠦᠪᠲᠦ ᠦᠵᠡᠭᠳᠡᠯ ᠢᠶᠠᠷ ᠳᠠᠮᠵᠢᠭᠤᠯᠤᠨ ᠥᠷᠭᠡᠨ ᠤᠯᠠᠨ ᠬᠤᠳᠠ ᠶᠢᠨ ᠠᠷᠠᠳ ᠪᠣᠯᠣᠨ ᠵᠤᠭᠠᠴᠠᠭᠰᠠᠳ ᠲᠤ ᠣᠨᠳᠣᠣ ᠶᠠᠩᠵᠤ ᠶᠢᠨ ᠮᠥᠰᠥ ᠴᠠᠰᠤᠨ ᠤ ᠪᠡᠶᠡᠴᠢᠯᠡᠨ ᠣᠶᠢᠯᠠᠭᠠᠬᠤ ᠲᠣᠭᠤᠷᠢᠭ ᠢ ᠠᠪᠴᠢᠷᠠᠬᠤ ᠪᠣᠯᠣᠨ᠎ᠠ᠃
    ᠲᠣᠰ ᠬᠤᠭᠤᠴᠠᠭᠠᠨ ᠤ ᠮᠥᠰᠥ ᠴᠠᠰᠤᠨ ᠤ ᠪᠠᠶᠠᠷ 12 ᠰᠠᠷ᠎ᠠ ᠶᠢᠨ 30 ᠤ ᠡᠳᠦᠷ ᠵᠢᠩᠬᠢᠨᠢ ᠪᠠᠷ ᠡᠬᠢᠯᠡᠨ᠎ᠡ᠂ ᠡᠷᠭᠢᠯᠡᠬᠦ ᠭᠠᠵᠠᠷ ᠨᠢ ᠰᠠᠶᠢᠬᠠᠨ ᠲᠣᠭᠤᠷᠢᠭ ᠲᠤ ᠪᠣᠶ᠂ ᠪᠢᠴᠢᠬᠠᠨ ᠨᠠᠶᠢᠵᠠ ᠨᠠᠷ ᠬᠠᠮᠲᠤ ᠪᠠᠷ ᠪᠣᠯᠵᠣᠵᠤ᠂ ᠵᠡᠭᠦᠳᠦ ᠵᠡᠷᠭᠡᠯᠭᠡᠨ ᠮᠡᠲᠦ ᠭᠤᠶᠢᠳᠠ ᠰᠠᠶᠢᠬᠠᠨ ᠮᠥᠰᠥ ᠴᠠᠰᠤᠨ ᠤ ᠠᠶᠠᠯᠠᠯ ᠢᠶᠠᠨ ᠬᠠᠮᠲᠤ ᠪᠠᠷ ᠶᠠᠪᠤᠭᠤᠯᠤᠶ᠎ᠠ︕        ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号