ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠠᠢ ᠰᠡᠳᠬᠢᠯ ᠵᠢᠷᠦᠬᠡ ᠪᠠᠨ ᠬᠤᠯᠪᠤᠵᠦ᠂ ᠬᠠᠯᠠᠭᠤᠨ ᠳᠣᠯᠠᠭᠠᠨ ᠢ ᠳᠠᠮᠵᠢᠭᠤᠯᠣᠨ᠎ᠠ
ᠨᠡᠶᠢᠲᠡᠯᠡᠭᠰᠡᠨ ᠴᠠᠭ᠄
2023/12/8
    ᠠᠭᠤᠷ ᠠᠮᠢᠰᠭᠤᠯ ᠦᠷᠭᠦᠯᠵᠢᠯᠡᠨ ᠳᠣᠷᠣᠭᠰᠢᠯᠠᠵᠤ᠂ ᠴᠠᠭ ᠠᠭᠤᠷ ︽ᠬᠦᠢᠳᠡᠷᠡᠭᠰᠡᠨ︾ ᠪᠠᠶᠢᠪᠠᠴᠤ᠂ ᠨᠢᠭᠡ ᠪᠦᠯᠦᠭ ᠬᠥᠮᠥᠰ ᠬᠠᠬᠢᠷ ᠬᠦᠢᠲᠡᠨ ᠤ ᠳᠤᠮᠳᠠ ᠠᠵᠢᠯ ᠢᠶᠠᠨ ᠪᠠᠲᠤ ᠰᠠᠬᠢᠵᠤ ᠪᠠᠶᠢᠪᠠ᠂ ᠲᠡᠳᠡ ᠪᠣᠯ ︽ᠬᠤᠲᠠ  ᠶᠢᠨ ᠵᠢᠰᠦ ᠭᠤᠶᠣᠯᠠᠭᠴᠢ︾ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠮᠥᠨ᠃ 12 ᠰᠠᠷ᠎ᠠ ᠶᠢᠨ 1 ᠤ ᠡᠳᠦᠷ᠂ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠵᠢᠦᠢ ᠬᠠᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤᠮᠳᠠᠳᠤ ᠤᠯᠤᠰ ᠤᠨ ᠮᠢᠨ ᠱᠧᠩ ᠪᠠᠩᠬᠢ ᠲᠠᠢ ᠬᠠᠮᠲᠤᠷᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠳᠡᠳᠡᠨ ᠳᠤ ᠡᠪᠦᠯ ᠤᠨ ᠡᠳᠦᠷ ᠤᠨ ᠬᠠᠶᠢᠷ᠎ᠠ ᠬᠠᠯᠠᠮᠵᠢ ᠶᠢ ᠬᠦᠷᠭᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠪᠡᠯᠡᠳᠬᠡᠭᠰᠡᠨ ᠲᠤᠲᠤᠷᠭ᠎ᠠ᠂ ᠢᠳᠡᠰᠢᠨ ᠲᠣᠰᠣ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠭᠠᠷ ᠲᠤ ᠬᠦᠷᠭᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ᠄ ︽ᠨᠠᠮ ᠪᠣᠯᠣᠨ ᠵᠠᠰᠠᠭ ᠤᠨ ᠣᠷᠳᠣᠨ ᠠᠴᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠬᠠᠯᠠᠮᠵᠢᠯᠠᠨ ᠬᠠᠶᠢᠷᠠᠯᠠᠭᠰᠠᠨ ᠳᠤ ᠲᠠᠯᠠᠷᠬᠠᠵᠤ ᠪᠠᠶᠢᠨ᠎ᠠ᠂ ᠪᠢ ᠯᠠᠪᠲᠠᠢ ᠡᠭᠡᠯ ᠵᠢᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠠᠶᠢᠬᠠᠨ ᠲᠣᠭᠤᠷᠢᠭ ᠤᠨ ᠬᠤᠳᠠ ᠶᠢᠨ ᠦᠵᠡᠮᠵᠢ  ᠶᠢᠨ ᠠᠷᠢᠭᠤᠨ ᠴᠡᠪᠡᠷ ᠲᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾ ᠭᠡᠵᠦ ᠲᠠᠯᠠᠷᠬᠠᠯ ᠤᠨ ᠰᠡᠳᠬᠢᠯᠭᠡ ᠪᠠᠷ ᠬᠡᠯᠡᠪᠡ᠃
     ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠣᠯ ᠬᠤᠲᠠ ᠶᠢᠨ ᠨᠡᠷ᠎ᠡ ᠬᠠᠭᠤᠳᠠᠰᠤ ᠶᠤᠮ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯ ᠳᠠᠷᠤᠢ ᠬᠤᠲᠠ‌‍ᠶᠢᠨ ︽ᠵᠢᠰᠦ ᠭᠤᠶᠣᠯᠠᠭᠴᠢ︾ ᠶᠤᠮ᠃  ᠨᠠᠶᠢᠷᠠᠭᠤᠯᠤᠭᠴᠢ ᠠᠴᠠ ︽ᠬᠤᠲᠠ  ᠶᠢᠨ ᠵᠢᠰᠦ ᠭᠤᠶᠣᠯᠠᠭᠴᠢ︾  ᠶᠢ ᠬᠠᠮᠲᠤ ᠪᠠᠷ ᠬᠠᠯᠠᠮᠵᠢᠯᠠᠨ ᠬᠠᠶᠢᠷᠠᠯᠠᠵᠤ᠂ ᠬᠠᠮᠠᠭᠠᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ᠂ ᠵᠢᠵᠢᠭ ᠰᠠᠵᠢᠭ ᠵᠦᠢᠯ ᠠᠴᠠ ᠡᠬᠢᠯᠡᠨ ᠬᠢᠭᠡᠷᠡᠢ ᠭᠡᠵᠦ ᠤᠷᠢᠶᠠᠯᠠᠪᠠ᠃ ︽ᠦᠵᠡᠰᠬᠦᠯᠡᠩᠲᠦ ᠰᠠᠶᠢᠬᠠᠨ ᠲᠣᠭᠤᠷᠢᠭ︾ ᠨᠢ ᠴᠢ ᠪᠢᠳᠡ ᠬᠤᠶᠠᠷ  ᠠᠴᠠ ᠰᠠᠯᠵᠤ ᠴᠢᠳᠠᠬᠤ ᠦᠭᠡᠢ᠂ ︽ᠵᠣᠯ ᠵᠢᠷᠭᠠᠯᠲᠤ ᠰᠠᠶᠢᠨ ᠰᠠᠶᠢᠬᠠᠨ︾ ᠨᠢ ᠴᠢ ᠪᠢᠳᠡ ᠬᠤᠶᠠᠷ ᠤᠨ ᠰᠡᠳᠬᠢᠯ  ᠢᠶᠠᠨ ᠨᠢᠭᠡᠳᠬᠡᠬᠦ ᠳᠤ ᠪᠣᠢ      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号