ᠰᠠᠭᠤᠭᠠᠯᠢ ᠠᠷᠠᠳ ᠤᠨ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠠᠷᠠᠳ ᠲᠦᠮᠡᠨ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/12/8
     ᠤᠰᠤ ᠪᠣᠯ ᠠᠮᠢ ᠨᠠᠰᠤᠨ ᠤ ᠡᠬᠢ ᠰᠤᠷᠪᠤᠯᠵᠢ ᠮᠥᠨ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠬᠤ ᠪᠣᠯ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠨᠡᠮᠡᠭᠳᠡᠭᠦᠯᠬᠦ ᠳᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠠᠪᠴᠤ᠂ ᠠᠷᠠᠳ ᠤᠯᠠᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠶᠢᠷ᠎ᠠ ᠳᠤ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠴᠢᠶᠠᠨ ᠶᠢᠨ ᠰᠢᠶᠠᠩ ᠨᠡᠶᠢᠭᠡᠮ ᠲᠣᠭᠤᠷᠢᠭ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠰᠠᠭᠤᠭᠠᠯᠢ ᠠᠷᠠᠳ ᠤᠨ ᠲᠣᠭᠤᠷᠢᠭ ᠲᠤ ᠤᠰᠤ ᠵᠣᠭᠰᠣᠬᠤ ᠠᠰᠠᠭᠤᠳᠠᠯ ᠢ  ᠳᠤᠰᠭᠠᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠲᠡᠬᠡᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃
     ᠴᠢᠶᠠᠨ ᠶᠢᠨ ᠰᠢᠶᠠᠩ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠪᠠᠭ᠎ᠠ ᠲᠣᠭᠤᠷᠢᠭ᠂  ᠮᠡᠭ ᠵᠢᠢ ᠯᠢ ᠪᠠᠭ᠎ᠠ ᠲᠣᠭᠤᠷᠢᠭ ᠤᠨ ᠤᠯᠠᠭᠠᠨ ᠲᠣᠭᠤᠰᠬᠠᠨ ᠠᠰᠠᠷ ᠤᠨ ᠤᠰᠤ ᠬᠠᠩᠭᠠᠬᠤ ᠬᠤᠯᠪᠣᠭᠳᠠᠯ ᠪᠦᠬᠦᠢ ᠲᠥᠬᠦᠭᠡᠷᠦᠮᠵᠢ ᠬᠠᠭᠤᠴᠢᠷᠠᠭᠰᠠᠨ ᠠᠴᠠ ᠪᠣᠯᠵᠤ᠂ ᠪᠠᠭ᠎ᠠ ᠲᠣᠭᠤᠷᠢᠭ ᠤᠨ 300 ᠰᠢᠬᠠᠮ ᠰᠠᠭᠤᠭᠠᠯᠢ ᠠᠷᠠᠳ ᠲᠤ ᠤᠰᠤ ᠬᠡᠷᠡᠭᠯᠡᠬᠦ ᠳᠤ ᠬᠦᠴᠢᠷ ᠠᠰᠠᠭᠤᠳᠠᠯ ᠲᠤᠯᠭᠠᠷᠠᠪᠠ᠃ ᠨᠡᠶᠢᠭᠡᠮ ᠲᠣᠭᠤᠷᠢᠭ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠦ᠂ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠪᠠᠭ᠎ᠠ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠣᠯᠣᠨ ᠲᠦᠭᠡᠭᠡᠯ ᠤᠰᠤᠨ ᠤ ᠺᠣᠮᠫᠠᠨᠢ ᠶᠢ ᠢᠳᠡᠪᠬᠢᠲᠡᠢ ᠬᠠᠷᠢᠯᠴᠠᠵᠦ᠂ ᠴᠢᠷᠮᠠᠶᠢᠯᠭ᠎ᠠ ᠪᠠᠷ ᠳᠠᠮᠵᠢᠭᠠᠳ᠂ ᠮᠧᠩ ᠵᠢᠢ ᠯᠢ ᠵᠢᠵᠢᠭ ᠲᠣᠭᠤᠷᠢᠭ ᠤᠨ ᠤᠯᠠᠭᠠᠨ ᠲᠣᠭᠤᠰᠬᠠᠨ ᠠᠰᠠᠷ ᠤᠨ ᠨᠢᠭᠡ ᠴᠣᠭᠴᠠᠵᠢᠭᠤᠯᠤᠭᠰᠠᠨ ᠬᠥᠭᠡᠷᠭᠡ ᠶᠢᠨ ᠭᠡᠷ ᠢ ᠨᠢᠭᠡᠨᠲᠡ ᠡᠬᠢᠯᠡᠨ ᠪᠠᠷᠢᠭᠰᠠᠨ ᠪᠥᠭᠡᠳ ᠡᠮᠦᠨᠡᠬᠢ ᠬᠤᠭᠤᠴᠠᠭᠠᠨ ᠤ ᠤᠭᠰᠠᠷᠠᠬᠤ ᠠᠵᠢᠯ ᠢ ᠪᠡᠶᠡᠯᠡᠭᠦᠯᠵᠡᠢ᠂ ᠭᠤᠣᠯ ᠤᠰᠤᠨ ᠬᠤᠭᠤᠯᠠᠢ ᠶᠢᠨ ᠪᠠᠷᠢᠯᠭ᠎ᠠ ᠶᠢᠨ ᠠᠵᠢᠯ ᠢ ᠳᠠᠭᠤᠰᠬᠠᠭᠰᠠᠨ ᠤ ᠳᠠᠷᠠᠭ᠎ᠠ᠂ ᠬᠤᠶᠠᠷ ᠵᠢᠵᠢᠭ ᠲᠣᠭᠤᠷᠢᠭ ᠤᠨ ᠤᠰᠤ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠪᠣᠯᠣᠨ᠎ᠠ᠃
     ᠵᠠᠯᠭᠠᠭᠠᠳ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠴᠢᠶᠠᠨ ᠶᠢᠨ ᠭᠤᠳᠤᠮᠵᠢ ᠶᠢᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠᠷ ᠠᠵᠢᠯ ᠤᠨ ᠢᠶᠠᠨ ᠡᠬᠢᠯᠡᠯᠲᠡ ᠶᠢᠨ ᠴᠡᠭ ᠪᠣᠯᠭᠠᠵᠤ᠂ ᠰᠠᠭᠤᠭᠠᠯᠢ ᠠᠷᠠᠳ ᠤᠨ ᠰᠡᠳᠬᠢᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠣᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠤ᠂ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠦᠨᠳᠦᠰᠦᠨ‌‍ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠦᠨᠡᠨ ᠬᠦ ᠰᠠᠭᠤᠭᠠᠯᠢ ᠠᠷᠠᠳ ᠳᠤ ᠦᠢᠯᠡᠴᠢᠯᠡᠨ᠎ᠡ  ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号