ᠨᠠᠭᠤᠨᠪᠢᠯᠢᠭ᠌ ᠡᠮᠴᠢ ᠬᠤᠶᠠᠳᠤᠭᠠᠷ ᠳᠡᠰ ᠤᠨ ᠱᠠᠩᠨᠠᠯ ᠭᠦᠷᠳᠡᠪᠡ
ᠨᠡᠶᠢᠲᠡᠯᠡᠭᠰᠡᠨ ᠴᠠᠭ᠄
2023/12/8
     12 ᠰᠠᠷ᠎ᠠ ᠶᠢᠨ 4 ᠤ ᠡᠳᠦᠷ ᠶᠠᠪᠤᠭᠳᠠᠭᠰᠠᠨ 2022 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠣᠯᠭᠤᠬᠤ ᠶᠡᠭᠡ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠤᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠤᠨ ᠡᠷᠳᠡᠮ ᠰᠢᠨᠵᠢᠯᠡᠭᠡᠨ ᠤ ᠳᠠᠭᠠᠭᠤᠯᠤᠭᠴᠢ ᠨᠠᠭᠤᠨᠪᠢᠯᠢᠭ᠌ ᠳ᠋ᠣᠺᠲ᠋ᠣᠷ ᠤᠨ ᠡᠷᠭᠢᠯᠡᠭᠰᠡᠨ ︽ᠮᠣᠩᠭᠤᠯ ᠠᠨᠠᠭᠠᠬᠤ ᠤᠬᠠᠭᠠᠨ ᠤ ᠪᠡᠶ᠎ᠡ ᠰᠡᠳᠬᠢᠴᠡ ᠶᠢᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ ᠬᠠᠷᠢᠯᠴᠠᠨ ᠦᠢᠯᠡᠳᠦᠯᠴᠡᠬᠦ ᠡᠮᠴᠢᠯᠡᠬᠦ ᠠᠷᠭ᠎ᠠ︾ ᠶᠢᠨ ᠲᠥᠷᠥᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠬᠦᠷᠲᠡᠵᠡᠢ᠃
           ᠮᠣᠩᠭᠤᠯ ᠠᠨᠠᠭᠠᠬᠤ ᠤᠬᠠᠭᠠᠨ ᠤ ᠪᠡᠶ᠎ᠡ ᠰᠡᠳᠬᠢᠴᠡ ᠶᠢᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ ᠬᠠᠷᠢᠯᠴᠠᠨ ᠦᠢᠯᠡᠳᠦᠯᠴᠡᠬᠦ ᠡᠮᠴᠢᠯᠡᠬᠦ ᠠᠷᠭ᠎ᠠ ᠪᠣᠯ ᠥᠪᠡᠷᠲᠡᠭᠡᠨ ᠵᠠᠰᠠᠬᠤ ᠣᠷᠣᠨ ᠤ ᠬᠢᠲᠠᠳ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ ᠤᠨ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠤᠨ ᠨᠠᠭᠤᠨᠪᠢᠯᠢᠭ᠌ ᠳ᠋ᠣᠺᠲ᠋ᠣᠷ ᠤᠨ ᠤᠳᠠᠭᠠᠨ ᠵᠢᠯ ᠪᠠᠷᠢᠮᠲᠠᠯᠠᠵᠤ ᠬᠡᠷᠡᠭᠵᠢᠭᠦᠯᠦᠭᠰᠡᠨ ᠮᠣᠩᠭᠤᠯ ᠡᠮᠨᠡᠯᠭᠡ ᠶᠢᠨ ᠪᠦᠬᠦᠯᠢ ᠴᠣᠭᠴᠠ ᠶᠢᠨ ᠦᠵᠡᠯᠲᠡ ᠵᠢᠴᠢ ᠡᠪᠡᠳᠴᠢᠨ ᠵᠠᠰᠠᠬᠤ ᠳᠤ ᠤᠷᠢᠳ ᠢᠶᠠᠷ ᠰᠡᠳᠬᠢᠯ ᠰᠠᠨᠠᠭ᠎ᠠ ᠶᠢ ᠵᠠᠰᠠᠬᠤ ᠣᠶᠢᠯᠠᠭᠠᠭᠳᠠᠬᠤᠨ ᠶᠤᠮ᠃ ᠲᠤᠰ ᠵᠠᠰᠠᠯ ᠢ ᠨᠢᠭᠡᠨᠲᠡ ᠣᠯᠠᠨ ᠡᠮᠴᠢᠯᠡᠭᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠤ ᠠᠮᠵᠢᠯᠲᠠ ᠲᠠᠢ ᠪᠠᠷ ᠳᠡᠯᠭᠡᠷᠡᠭᠦᠯᠦᠨ ᠬᠡᠷᠡᠭᠯᠡᠵᠦ᠂ ᠡᠪᠡᠳᠴᠢᠲᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠢᠷᠢ ᠲᠦᠪᠰᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠲᠤᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠭᠰᠡᠨ ᠨᠢ ᠲᠡᠭᠦᠨ ᠤ ᠣᠯᠠᠨ ᠵᠢᠯ ᠤᠨ ᠲᠤᠷᠰᠢᠬᠢ ᠴᠢᠷᠮᠠᠶᠢᠯᠭ᠎ᠠ ᠪᠠ ᠰᠤᠳᠤᠯᠭᠠᠨ ᠤ ᠦᠷ᠎ᠡ ᠪᠦᠲᠦᠭᠡᠯ ᠤᠨ ᠲᠤᠬᠠᠢ ᠬᠠᠮᠤᠭ ᠤᠨ ᠶᠡᠭᠡ ᠨᠤᠲᠠᠯᠠᠯᠲᠠ ᠪᠠᠶᠢᠵᠤ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠨᠢ ᠡᠭᠦᠨ ᠢᠶᠠᠷ ᠠᠵᠠ ᠲᠣᠭᠢᠶᠠᠯ ᠪᠤᠯᠭᠠᠵᠤ᠂ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠲᠠᠢ ᠤᠶᠠᠯᠳᠤᠭᠤᠯᠤᠨ ᠮᠣᠩᠭᠤᠯ ᠡᠮᠨᠡᠯᠭᠡ ᠶᠢᠨ ᠪᠡᠶ᠎ᠡ ᠰᠡᠳᠬᠢᠯ ᠤᠨ ᠬᠠᠷᠢᠯᠴᠠᠨ ᠦᠢᠯᠡᠳᠦᠯᠴᠡᠬᠦ ᠵᠠᠰᠠᠯ ᠤᠨ ᠲᠣᠭᠲᠠᠴᠠ ᠶᠢ ᠭᠦᠨᠵᠡᠭᠡᠢ ᠰᠤᠳᠤᠯᠵᠤ᠂ ᠪᠣᠳᠠᠭᠠᠯᠢ ᠪᠡᠶ᠎ᠡ ᠶᠢᠨ ᠠᠮᠢᠳᠤ ᠪᠣᠳᠠᠰ᠂ ᠰᠡᠳᠬᠢᠴᠡ ᠪᠠ ᠨᠡᠶᠢᠭᠡᠮ ᠤᠨ ᠣᠨᠴᠠᠯᠢᠭ ᠢᠶᠠᠷ ᠳᠠᠮᠵᠢᠭᠤᠯᠤᠨ ᠥᠪᠡᠷᠮᠢᠴᠡᠵᠢᠭᠦᠯᠬᠦ ᠪᠠ ᠬᠡᠮᠵᠢᠶᠡᠵᠢᠭᠦᠯᠬᠦ ᠡᠮᠴᠢᠯᠡᠭᠡᠨ ᠤ ᠲᠥᠰᠥᠯ ᠢ ᠬᠥᠭᠵᠢᠭᠦᠯᠵᠦ᠂ ᠬᠤᠣᠷ ᠲᠠᠲᠠᠬᠤ ᠶᠢ ᠵᠣᠭᠰᠤᠭᠠᠬᠤ ᠵᠡᠷᠭᠡ ᠰᠢᠨ᠎ᠡ ᠬᠡᠷᠡᠭᠯᠡᠭᠡᠨ ᠤ ᠣᠷᠴᠢᠨ ᠢ ᠰᠦᠪᠡᠭᠴᠢᠯᠡᠵᠦ᠂ ᠨᠡᠩ ᠲᠣᠬᠢᠷᠠᠮᠵᠢᠲᠠᠢ ᠰᠤᠳᠤᠯᠭᠠᠨ ᠤ ᠵᠢᠷᠤᠭ ᠲᠥᠯᠥᠪᠯᠡᠭᠡ ᠶᠢᠨ ᠵᠠᠭᠪᠤᠷ ᠢ ᠪᠠᠶᠢᠭᠤᠯᠵᠤ᠂ ᠨᠡᠩ ᠶᠡᠭᠡ ᠢᠲᠡᠭᠡᠭᠦᠯᠬᠦ ᠬᠦᠴᠦᠨ ᠲᠠᠢ ᠭᠡᠷᠡᠴᠢ ᠪᠠᠷᠢᠮᠲᠠ ᠶᠢᠨ ᠳᠡᠮᠵᠢᠯᠭᠡ ᠬᠠᠩᠭᠠᠬᠤ ᠪᠣᠯᠣᠨ᠎ᠠ᠃ ᠮᠥᠨ ᠰᠤᠳᠤᠯᠭᠠᠨ ᠤ ᠬᠠᠷᠠᠯᠲᠠ ᠪᠠᠨ ᠲᠣᠳᠣᠷᠬᠠᠶᠢᠯᠠᠨ ᠭᠤᠶᠢᠪᠢᠰᠢ ᠦᠭᠡᠢ ᠴᠢᠷᠮᠠᠶᠢᠨ ᠲᠡᠮᠡᠴᠡᠵᠦ᠂ ᠬᠠᠯᠠᠭᠤᠨ ᠰᠡᠳᠬᠢᠯᠭᠡ ᠪᠠ ᠰᠢᠮᠳᠠᠨ ᠰᠤᠳᠤᠯᠬᠤ ᠵᠣᠷᠢᠭ ᠰᠠᠨᠠᠭ᠎ᠠ ᠶᠢ ᠡᠪᠦᠷᠯᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠮᠣᠩᠭᠤᠯ ᠠᠨᠠᠭᠠᠬᠤ ᠤᠬᠠᠭᠠᠨ ᠤ ᠪᠡᠶ᠎ᠡ ᠰᠡᠳᠬᠢᠴᠡ ᠶᠢᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ ᠬᠠᠷᠢᠯᠴᠠᠨ ᠦᠢᠯᠡᠳᠦᠯᠴᠡᠬᠦ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ      ᠬᠢᠲᠠᠳ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠬᠦᠷᠢᠶᠡᠯᠡᠩ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号