ᠭᠦᠭᠡᠬᠤᠳᠠ 3451 ᠤᠳᠠᠭ᠎ᠠ ᠶᠢᠨ ᠠᠷᠢᠬᠢᠨ ᠤ ᠲᠠᠷᠠᠭ᠎ᠠ ᠲᠡᠷᠭᠡ ᠵᠢᠯᠣᠭᠤᠳᠤᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2023/12/8
     2023 ᠣᠨ ᠳᠤ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠠᠵᠢᠯ ᠢ ᠭᠦᠨᠵᠡᠭᠡᠢ ᠠᠬᠢᠭᠤᠯᠵᠤ᠂ ︽ᠬᠠᠪᠤᠷ ᠤᠨ ᠤᠯᠠᠷᠢᠯ ᠤᠨ ᠵᠠᠭᠤᠨ ᠡᠳᠦᠷ ᠤᠨ ᠠᠵᠢᠯᠯᠠᠭ᠎ᠠ︾᠂ ︽ᠵᠣᠨ ᠤ ᠤᠯᠠᠷᠢᠯ ᠤᠨ ᠠᠵᠢᠯᠯᠠᠭ᠎ᠠ︾᠂ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠵᠡᠷᠭᠡ ᠠᠯᠢ ᠣᠯᠠᠨ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠠᠷᠢᠬᠢᠨ ᠤ ᠲᠠᠷᠠᠭ᠎ᠠ ᠮᠠᠰᠢᠨ ᠲᠡᠷᠭᠡ ᠵᠢᠯᠤᠭᠤᠳᠬᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠪᠡ᠃ 2023 ᠣᠨ ᠤ 11 ᠰᠠᠷ᠎ᠠ ᠶᠢᠨ 20 ᠪᠤᠯᠲᠠᠯ᠎ᠠ᠂ ᠭᠦᠭᠡᠬᠤᠳᠠ ᠳᠤ ᠠᠷᠢᠬᠢᠨ ᠤ ᠲᠠᠷᠠᠭ᠎ᠠ ᠮᠠᠰᠢᠨ ᠲᠡᠷᠭᠡ ᠵᠢᠯᠣᠭᠤᠳᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠡᠶᠢᠲᠡ 3451 ᠤᠳᠠᠭ᠎ᠠ ᠪᠠᠶᠢᠴᠠᠭᠠᠨ ᠰᠢᠢᠳᠪᠦᠷᠢᠯᠡᠪᠡ᠂ ᠡᠭᠦᠨ ᠳᠤ ᠠᠷᠢᠬᠢᠨ ᠤ ᠲᠠᠷᠠᠭ᠎ᠠ ᠮᠠᠰᠢᠨ ᠲᠡᠷᠭᠡ ᠵᠢᠯᠣᠭᠤᠳᠤᠭᠰᠠᠨ ᠨᠢ 1938 ᠤᠳᠠᠭ᠎ᠠ᠂ ᠰᠣᠭᠲᠣᠭᠤ ᠪᠠᠷ ᠮᠠᠰᠢᠨ ᠲᠡᠷᠭᠡ ᠵᠢᠯᠣᠭᠤᠳᠤᠭᠰᠠᠨ ᠨᠢ 1513 ᠤᠳᠠᠭ᠎ᠠ ᠪᠤᠶ᠃      ᠠᠵᠢᠯᠯᠠᠭ᠎ᠠ ᠶᠢᠨ ᠳᠤᠮᠳᠠ᠂ ᠡᠯ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠪᠠ᠃ ᠠᠷᠢᠬᠢᠨ ᠤ ᠲᠠᠷᠠᠭ᠎ᠠ ᠮᠠᠰᠢᠨ ᠲᠡᠷᠭᠡ ᠵᠢᠯᠤᠭᠤᠳᠬᠤ ᠶᠢ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ‌‍ᠶᠢᠨ ᠬᠢᠨ ᠪᠦᠭᠦ ᠴᠠᠭᠳᠠᠭ᠎ᠠ ᠶᠢ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢ ᠴᠢᠩᠳᠠᠯᠠᠵᠤ᠂ ᠡᠷᠬᠡ ᠲᠡᠭᠰᠢ᠂ ᠲᠥᠪ ᠭᠤᠥᠯᠴᠢ᠂ ᠢᠯᠡ ᠪᠠᠶᠢᠬᠤ ᠵᠠᠷᠴᠢᠮ ᠢ ᠪᠠᠷᠢᠮᠲᠠᠯᠠᠨ᠂ ᠴᠡᠭᠴᠡᠯᠡᠨ ᠵᠠᠰᠠᠬᠤ ᠠᠵᠢᠯ ᠤᠨ ᠲᠤᠬᠠᠢ ᠥᠷᠭᠡᠨ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠠᠵᠢᠯᠯᠠᠭ᠎ᠠ ᠶᠢᠨ ᠳᠤᠮᠳᠠ ᠴᠠᠭᠳᠠᠭ᠎ᠠ ᠲᠤᠰᠠᠯᠠᠬᠤ ᠴᠠᠭᠳᠠᠭ᠎ᠠ ᠨᠠᠷ ᠰᠫᠢᠷᠲ ᠤᠨ ᠰᠢᠯᠭᠠᠭᠤᠷ᠂ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠭᠦᠷ ᠵᠡᠷᠭᠡ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠭᠦᠢᠴᠡᠳᠬᠡᠬᠦ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠵᠤ᠂ ᠲᠤᠬᠠᠢ ᠶᠢᠨ ᠲᠠᠯᠠᠪᠤᠷ ᠤᠨ ᠭᠡᠷᠡᠯᠲᠦᠭᠦᠯᠭᠡ᠂ ᠴᠠᠭᠳᠠᠭᠠᠨ ᠤ ᠮᠠᠰᠢᠨ ᠲᠡᠷᠭᠡ ᠶᠢᠨ ᠰᠡᠷᠡᠮᠵᠢ ᠶᠢᠨ ᠳ᠋ᠧᠩ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠷᠢᠬᠢᠨ ᠤ ᠲᠠᠷᠠᠭ᠎ᠠ ᠮᠠᠰᠢᠨ ᠲᠡᠷᠭᠡ ᠵᠢᠯᠣᠭᠤᠳᠤᠭᠰᠠᠨ ᠬᠠᠤᠯᠢ ᠠᠴᠠ ᠵᠥᠷᠢᠴᠡᠭᠰᠡᠨ ᠶᠠᠯ᠎ᠠ ᠶᠢᠨ ᠰᠡᠵᠢᠭᠲᠡᠨ ᠢ ᠬᠢᠵᠠᠭᠠᠷᠯᠠᠬᠤ ᠪᠠ ᠬᠠᠮᠠᠭᠠᠯᠠᠬᠤ ᠶᠢ ᠴᠢᠩᠭᠠᠳᠬᠠᠵᠤ᠂ ᠠᠷᠢᠬᠢᠨ ᠤ ᠲᠠᠷᠠᠭ᠎ᠠ ᠮᠠᠰᠢᠨ ᠲᠡᠷᠭᠡ ᠵᠢᠯᠣᠭᠤᠳᠤᠭᠰᠠᠨ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ  ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号