ᠮᠠᠨ ᠤ ᠣᠷᠣᠨ ᠤ 21.26 ᠲᠦᠮᠡᠨ ᠡᠷᠦᠭᠡ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ  ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2023/12/8
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠳᠤ᠂ ᠭᠦᠭᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ ᠪᠣᠯᠣᠨ ᠪᠠᠶᠠᠨᠨᠠᠭᠤᠷ ᠬᠤᠲᠠ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠡᠶᠢᠲᠡ 14.23 ᠳ᠋ᠦᠩᠰᠢᠭᠤᠷ ᠲᠥᠭᠦᠷᠢᠭ ᠤᠨ ᠥᠭᠡᠷᠡᠴᠢᠯᠡᠯᠲᠡ ᠶᠢᠨ ᠪᠡᠯᠡ ᠮᠥᠩᠭᠦ ᠣᠷᠣᠭᠤᠯᠤᠨ᠂ ᠨᠡᠶᠢᠲᠡ 21.26 ᠲᠦᠮᠡᠨ ᠡᠷᠦᠭᠡ ᠳᠤ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠤᠯᠠᠨ ᠲᠦᠮᠡᠨ ᠤ ᠳᠤᠯᠠᠭᠠᠨ ᠲᠠᠪᠠᠲᠠᠢ ᠡᠪᠦᠯᠵᠢᠬᠦ ᠶᠢ ᠪᠠᠲᠤᠯᠠᠬᠤ ᠶᠢᠨ ᠬᠠᠮᠲᠤ 2024 ᠣᠨ ᠤ ᠵᠢᠯ ᠤᠨ ᠡᠴᠦᠰ ᠠᠴᠠ ᠡᠮᠦᠨ᠎ᠡ ᠲᠤᠰ ᠳᠦᠷᠪᠡᠨ ᠬᠤᠲᠠ ᠶᠢᠨ ᠲᠥᠪ ᠬᠤᠲᠠ ᠲᠣᠭᠤᠷᠢᠭ᠂ ᠰᠢᠶᠠᠨ ᠤ ᠬᠤᠲᠠ ᠶᠢᠨ ᠲᠣᠭᠤᠷᠢᠭ ᠲᠤ ᠴᠡᠪᠡᠷ ᠳᠤᠯᠠᠭᠠᠯᠠᠭ᠎ᠠ ᠶᠢ ᠬᠠᠩᠭᠠᠭᠰᠠᠨ ᠨᠤᠷᠮ᠎ᠠ ᠶᠢ 100% ᠪᠤᠯᠭᠠᠬᠤ ᠪᠠᠷ ᠪᠤᠢ᠃            ᠣᠶᠢᠷ᠎ᠠ ᠶᠢᠨ ᠵᠢᠯ ᠠᠴᠠ ᠮᠠᠨ ᠤ ᠣᠷᠣᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ︽ᠴᠠᠭᠢᠯᠭᠠᠨ ᠬᠡᠷᠡᠭᠯᠡᠬᠦ ᠳᠤ ᠲᠣᠬᠢᠷᠠᠪᠠᠯ ᠴᠠᠭᠢᠯᠭᠠᠨ ᠬᠠᠩᠭᠠᠵᠤ᠂ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠳᠤ ᠲᠣᠬᠢᠷᠠᠪᠠᠯ ᠪᠠᠶᠢᠭᠠᠯᠢ ᠶᠢᠨ ᠰᠢᠲᠠᠮᠠᠬᠠᠢ ᠬᠡᠢ ᠬᠠᠩᠭᠠᠵᠤ᠂ ᠢᠯᠴᠢ ᠬᠡᠷᠡᠭᠯᠡᠬᠦ ᠳᠤ ᠲᠣᠬᠢᠷᠠᠪᠠᠯ ᠢᠯᠴᠢ ᠬᠠᠩᠭᠠᠬᠤ︾ ᠵᠠᠷᠴᠢᠮ ᠢ ᠪᠠᠷᠢᠮᠲᠠᠯᠠᠨ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠡᠮᠵᠢᠨ᠂ ᠮᠠᠨ ᠤ ᠣᠷᠣᠨ ᠵᠢᠯ ᠪᠦᠷᠢ ᠲᠦᠭᠦᠬᠡᠢ ᠨᠡᠭᠦᠷᠡᠰᠦᠨ ᠤ ᠰᠤᠯᠠ ᠰᠢᠲᠠᠭᠠᠯᠭ᠎ᠠ ᠶᠢ 76.32 ᠲᠦᠮᠡᠨ ᠲᠣᠨ ᠪᠠᠭᠠᠰᠬᠠᠵᠤ᠂ ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 1526.4 ᠲᠣᠨ᠂ ᠠᠽᠣᠲ ᠤᠨ ᠢᠰᠦᠯ ᠤᠨ ᠭᠠᠳᠠᠭᠰᠢᠯᠠᠭᠤᠯᠤᠯᠲᠠ ᠶᠢ 839.5 ᠲᠣᠨ᠂ ᠮᠥᠬᠦᠯᠢᠭᠲᠦ ᠪᠣᠳᠠᠰ ᠤᠨ ᠭᠠᠳᠠᠭᠰᠢᠯᠠᠭᠤᠯᠤᠯᠲᠠ ᠶᠢ 7632 ᠲᠣᠨ ᠪᠠᠭᠠᠰᠬᠠᠵᠤ ᠪᠣᠯᠣᠨ᠎ᠠ᠃ ᠳᠤᠯᠠᠭᠠᠯᠠᠭ᠎ᠠ ᠶᠢᠨ ᠤᠯᠠᠷᠢᠯ ᠳᠤ ᠣᠷᠣᠭᠰᠠᠨ ᠠᠴᠠ ᠨᠠᠭᠠᠰᠢ᠂ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠵᠤ ᠪᠠᠶᠢᠭ᠎ᠠ ᠭᠦᠭᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠶᠢᠨ PM2.5 ᠶᠢᠨ ᠳᠤᠮᠳᠠᠴᠢ ᠥᠳᠬᠡᠴᠡ ᠠᠳᠠᠯᠢ ᠬᠤᠭᠤᠴᠠᠭᠠᠨ ᠤ ᠬᠢ ᠠᠴᠠ 6.7% ᠪᠠᠷ ᠪᠠᠭᠤᠷᠠᠵᠤ᠂ ᠬᠦᠬᠦᠷ ᠤᠨ ᠳᠠᠪᠬᠤᠷ ᠢᠰᠦᠯ ᠤᠨ ᠳᠤᠮᠳᠠᠴᠢ ᠥᠳᠬᠡᠴᠡ ᠠᠳᠠᠯᠢ ᠬᠤᠭᠤᠴᠠᠭᠠᠨ ᠤ ᠬᠢ ᠠᠴᠠ 20% ᠪᠠᠷ ᠪᠠᠭᠤᠷᠠᠨ᠂ ᠳᠥᠷᠪᠡᠨ ᠬᠤᠲᠠ ᠶᠢᠨ ᠠᠭᠠᠷ ᠤᠨ ᠶᠠᠰᠤ ᠴᠢᠨᠠᠷ ᠪᠦᠲᠦᠮᠵᠢᠲᠡᠶ ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠬᠢᠭᠰᠡᠨ ᠤ ᠳᠠᠷᠠᠭ᠎ᠠ ᠲᠤᠬᠠᠢ ᠶᠢᠨ ᠭᠠᠵᠠᠷ ᠤᠨ ᠠᠷᠠᠳ ᠢᠷᠭᠡᠳ ᠲᠦᠯᠡᠰᠢ ᠲᠦᠯᠡᠵᠦ ᠳᠤᠯᠠᠭᠠᠯᠠᠬᠤ ᠤᠯᠠᠮᠵᠢᠯᠠᠯᠲᠤ ᠮᠠᠶ᠋ᠢᠭ ᠤᠨ ᠳᠤᠯᠠᠭᠠᠯᠠᠬᠤ ᠠᠷᠭ᠎ᠠ ᠭᠡᠯᠪᠡᠷᠢ ᠠᠴᠠ ᠰᠠᠯᠵᠤ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠪᠠ ᠠᠮᠢᠳᠤᠷᠠᠯ ᠤᠨ ᠴᠢᠨᠠᠷ ᠴᠢᠨᠰᠠᠭ᠎ᠠ ᠴᠤ ᠢᠯᠡᠳᠲᠡ ᠰᠠᠶᠢᠵᠢᠷᠠᠭᠰᠠᠨ ᠪᠠᠶᠢᠨ᠎ᠠ᠃            ᠣᠶᠢᠯᠠᠭᠠᠭᠰᠠᠨ ᠢᠶᠠᠷ᠂ ᠮᠠᠨ ᠤ ᠣᠷᠣᠨ ᠳᠤ ᠪᠦᠭᠦ ᠤᠯᠤᠰ ᠤᠨ 57% ᠶᠢᠨ ᠰᠠᠯᠬᠢᠨ ᠤ ᠡᠨᠧᠷᠭᠢ ᠶᠢᠨ ᠡᠬᠢ ᠪᠠᠶᠠᠯᠢᠭ ᠪᠠ 21% ᠠᠴᠠ ᠳᠡᠭᠡᠭᠰᠢ ᠨᠡᠷᠡᠨ ᠤ ᠡᠨᠧᠷᠭᠢ ᠶᠢᠨ ᠡᠬᠢ ᠪᠠᠶᠠᠯᠢᠭ ᠲᠠᠢ᠂ ᠤᠯᠤᠰ ᠠᠴᠠ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠵᠣᠷᠢᠭᠵᠢᠭᠤᠯᠤᠨ ᠠᠬᠢᠭᠤᠯᠵᠤ ᠪᠠᠶᠢᠭ᠎ᠠ ᠠᠬᠤᠢ ᠪᠠᠶᠢᠳᠠᠯ ᠳᠣᠣᠷ᠎ᠠ᠂ ᠮᠠᠨ ᠤ ᠣᠷᠣᠨ ᠲᠤᠬᠠᠢ ᠶᠢᠨ ᠭᠠᠵᠠᠷ ᠣᠷᠣᠨ ᠤ ᠪᠣᠳᠠᠲᠠᠢ ᠪᠠᠶᠢᠳᠠᠯ ᠳᠠᠭᠠᠨ ᠲᠣᠬᠢᠷᠠᠭᠤᠯᠤᠨ᠂ ᠰᠠᠯᠬᠢᠨ ᠤ ᠡᠨᠧᠷᠭᠢ ᠪᠠ ᠨᠡᠷᠡᠨ ᠤ ᠡᠨᠧᠷᠭᠢ ᠵᠡᠷᠭᠡ ᠰᠢᠨ᠎ᠡ ᠡᠨᠧᠷᠭᠢ ᠶᠢ ᠠᠰᠢᠭᠯᠠᠨ ᠴᠠᠭᠢᠯᠭᠠᠨ ᠭᠠᠷᠭᠠᠨ ᠢᠯᠴᠢ ᠬᠠᠩᠭᠠᠵᠤ᠂ ᠠᠷᠠᠳ ᠣᠯᠠᠨ ᠢ ᠳᠤᠯᠠᠭᠠᠬᠠᠨ ᠡᠪᠦᠯᠵᠢᠬᠦ ᠶᠢ ᠪᠠᠲᠤᠯᠠᠭᠰᠠᠨ ᠪᠥᠭᠡᠳ ᠣᠷᠴᠢᠨ ᠲᠣᠭᠤᠷᠢᠨ ᠠᠭᠠᠷ ᠤᠨ ᠴᠢᠨᠠᠷ ᠴᠢᠨᠰᠠᠭ᠎ᠠ ᠶᠢ ᠴᠤ ᠰᠠᠶᠢᠵᠢᠷᠠᠭᠤᠯᠪᠠ᠃ ᠮᠠᠯᠵᠢᠬᠤ ᠣᠷᠣᠨ ᠤ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠮᠠᠨ ᠤ ᠣᠷᠣᠨ 2022 ᠣᠨ ᠠᠴᠠ ᠡᠬᠢᠯᠡᠨ ᠴᠡᠪᠡᠷ ᠳᠤᠯᠠᠭᠠᠯᠠᠭ᠎ᠠ ᠶᠢᠨ ᠲᠤᠰᠬᠠᠢ ᠪᠡᠯᠡ ᠮᠥᠩᠭᠦ ᠭᠠᠷᠭᠠᠵᠤ᠂ ᠵᠢᠯ ᠪᠦᠷᠢ 1.6 ᠳ᠋ᠦᠩᠰᠢᠭᠤᠷ ᠲᠥᠭᠦᠷᠢᠭ ᠲᠣᠬᠢᠷᠠᠭᠤᠯᠤᠨ᠂ ᠴᠡᠪᠡᠷ ᠳᠤᠯᠠᠭᠠᠯᠠᠭ᠎ᠠ ᠳᠤ ᠬᠦᠴᠦᠨ ᠨᠡᠮᠡᠷᠢᠯᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号