︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ ᠵᠠᠩᠵᠤᠨ ᠤ ᠶᠠᠮᠤᠨ ᠮᠦᠽᠧᠢ᠂ ᠬᠤᠳᠠ ᠶᠢᠨ ᠰᠣᠶᠣᠯ ᠤᠨ ᠣᠷᠳᠣᠨ ᠪᠣᠯᠣᠨ ᠬᠤᠳᠠ ᠶᠢᠨ ᠰᠣᠶᠣᠯ | ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠳᠤ ᠭᠦᠨᠵᠡᠭᠡᠶᠢᠷᠡᠵᠦ᠂ ᠮᠠᠨ ᠤ ᠬᠤᠳᠠ ᠶᠢᠨ ᠰᠣᠶᠣᠯ | ᠵᠢᠭᠤᠯᠴᠢᠯᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠣᠶᠣᠯ ᠦᠵᠡᠰᠬᠦᠯᠡᠩ ᠤᠨ ᠣᠷᠳᠣᠨ | ᠲᠠᠯᠠᠪᠠᠢ ᠶᠢᠨ ᠠᠵᠢᠯᠯᠠᠭᠠᠨ᠂ ᠤᠯᠠᠨ ᠨᠡᠶᠢᠲᠡ ᠶᠢᠨ ᠰᠣᠶᠣᠯ ᠤᠨ ᠦᠢᠯᠡᠰ ᠪᠣᠯᠣᠨ ᠤᠳᠬ᠎ᠠ ᠤᠷᠠᠯᠢᠭ ᠤᠨ | ᠬᠦᠷᠢᠶᠡᠯᠡᠩ ᠪᠦᠯᠬᠦᠮ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠲᠤᠬᠠᠢ ᠶᠢᠨ ᠭᠠᠵᠠᠷ ᠨᠢ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ᠂ ᠪᠣᠣ ᠭᠠᠩ ᠬᠤᠯᠪᠣᠭᠳᠠᠯ ᠪᠦᠬᠦᠢ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠬᠡᠯᠡᠬᠦ ᠳᠡᠭᠡᠨ᠂ ᠰᠣᠶᠣᠯ ᠪᠣᠯ ᠨᠢᠭᠡ ᠬᠤᠳᠠ ᠶᠢᠨ | ᠦᠨᠳᠦᠰᠦ ᠪᠠ ᠰᠦᠭ ᠰᠦᠨᠡᠰᠦ ᠮᠥᠨ᠂ ᠲᠥᠪ ᠬᠤᠳᠠ ᠶᠢᠨ ᠬᠢᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ | ᠬᠤᠳᠠ ᠶᠢ ᠲᠦᠷᠭᠡᠨ ᠪᠦᠲᠦᠭᠡᠨ ᠪᠠᠶᠢᠭᠤᠯᠬᠤ ᠳᠤ ᠰᠣᠶᠣᠯ ᠤᠨ ᠬᠥᠲᠥᠯᠥᠨ ᠳᠠᠭᠠᠭᠤᠯᠬᠤ ᠪᠠ | ᠲᠤᠯᠭᠠᠭᠤᠷᠢᠯᠠᠬᠤ ᠠᠴᠠ ᠰᠠᠯᠵᠤ ᠴᠢᠳᠠᠬᠤ ᠦᠭᠡᠢ ᠶᠤᠮ᠃ ᠬᠤᠳᠠ ᠶᠢᠨ ᠰᠣᠶᠣᠯ ᠤᠨ ᠴᠢᠳᠠᠪᠤᠷᠢ ᠶᠢᠨ ᠲᠡᠰ ᠢ | ᠲᠦᠷᠭᠡᠨ ᠳᠡᠭᠡᠭᠰᠢᠯᠡᠭᠦᠯᠵᠦ᠂ ᠬᠤᠳᠠ ᠶᠢᠨ ᠰᠣᠶᠣᠯ ᠤᠨ ᠰᠤᠳᠠᠰᠤ ᠶᠢ ᠰᠠᠶᠢᠲᠤᠷ ᠬᠠᠮᠠᠭᠠᠯᠠᠨ ᠵᠠᠯᠭᠠᠮᠵᠢᠯᠠᠵᠤ᠂ | ᠬᠤᠳᠠ ᠶᠢᠨ ᠪᠣᠯᠪᠠᠰᠤᠨ ᠢᠶᠠᠨ ᠬᠠᠳᠠᠭᠠᠯᠠᠬᠤ ᠬᠡᠷᠡᠭᠲᠡᠢ᠃ ᠬᠤᠳᠠ ᠶᠢᠨ ᠵᠣᠷᠢᠭ ᠰᠠᠨᠠᠭ᠎ᠠ ᠶᠢ ᠱᠤᠭᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ | ᠬᠥᠬᠡᠬᠤᠲᠠ ᠶᠢᠨ ᠥᠨᠢ ᠤᠳᠠᠭᠠᠨ ᠲᠡᠦᠬᠡ᠂ ᠭᠦᠨ ᠵᠤᠵᠠᠭᠠᠨ ᠰᠣᠶᠣᠯ ᠤᠨ ᠠᠭᠤᠯᠬᠤᠨ ᠢ ᠦᠨᠡᠨᠬᠦ ᠰᠠᠶᠢᠲᠤᠷ | ᠠᠭᠤᠳᠠᠯᠵᠤ᠂ ᠰᠠᠶᠢᠲᠤᠷ ᠬᠠᠷᠠᠭᠤᠯᠵᠤ᠂ ᠰᠠᠶᠢᠲᠤᠷ ᠤᠬᠠᠭᠤᠯᠤᠨ᠂ ᠰᠣᠶᠣᠯ ᠤᠨ ᠠᠭᠤᠯᠤᠭᠳᠠᠬᠤᠨ᠂ ᠬᠤᠳᠠ ᠶᠢᠨ | ᠬᠡᠪ ᠨᠠᠮᠪᠠ ᠶᠢ ᠳᠡᠭᠡᠭᠰᠢᠯᠡᠭᠦᠯᠵᠦ᠂ ᠨᠡᠩ ᠤᠯᠠᠨ ᠬᠥᠮᠥᠨ ᠢ ᠬᠥᠬᠡᠬᠤᠲᠠ ᠳᠤ ᠢᠷᠡᠭᠦᠯᠵᠦ᠂ ᠬᠥᠬᠡᠬᠤᠲᠠ ᠶᠢ | ᠣᠶᠢᠯᠠᠭᠠᠭᠤᠯᠵᠤ᠂ ᠬᠥᠬᠡᠬᠤᠲᠠ ᠳᠤ ᠬᠠᠶᠢᠷᠠᠲᠠᠢ ᠪᠣᠯᠭᠠᠬᠤ ᠬᠡᠷᠡᠭᠲᠡᠢ᠃ ᠰᠣᠶᠣᠯ ᠦᠵᠡᠰᠬᠦᠯᠡᠩ ᠤᠨ ᠲᠠᠯᠠᠪᠠᠢ ᠶᠢ | ᠰᠠᠶᠢᠬᠠᠨ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠥᠮᠥᠷᠭᠡ ᠠᠴᠠ ᠭᠠᠷᠭᠠᠨ᠂ ᠦᠵᠡᠰᠬᠦᠯᠡᠩ ᠳᠤ | ᠣᠷᠣᠯᠴᠠᠭᠤᠯᠵᠤ᠂ ᠤᠯᠠᠨ ᠲᠦᠮᠡᠨ ᠲᠠᠢ ᠣᠶᠢᠷᠠᠲᠤᠭᠤᠯᠬᠤ ᠬᠡᠷᠡᠭᠲᠡᠢ᠃ ᠳ᠋ᠠ ᠱᠧᠩ ᠺᠦᠢ ᠶᠢᠨ ᠮᠦᠽᠧᠢ ᠶᠢᠨ | ᠰᠦᠷᠦᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠩ ᠤᠯᠠᠨ ᠦᠵᠡᠮᠦᠷᠢ ᠶᠢᠨ | ᠪᠣᠳᠠᠰ ᠢ ᠥᠷᠭᠡᠨ ᠢᠶᠠᠷ ᠴᠤᠭᠯᠠᠭᠤᠯᠵᠤ᠂ ᠣᠨᠴᠠᠯᠢᠭ ᠢᠶᠠᠷ ᠢᠯᠡ ᠲᠣᠳᠣ ᠮᠦᠽᠧᠢ ᠶᠢᠨ ᠰᠦᠷᠦᠭ ᠢ ᠪᠦᠷᠢᠯᠳᠦᠭᠦᠯᠬᠦ | ᠬᠡᠷᠡᠭᠲᠡᠢ᠃ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠵᠤ᠂ ᠨᠢᠭᠡᠳᠦᠯᠲᠡᠢ ᠤᠬᠠᠭᠠᠯᠠᠨ ᠲᠥᠰᠥᠪᠯᠡᠵᠦ᠂ | ᠴᠡᠭ ᠢ ᠬᠤᠯᠪᠣᠨ ᠱᠤᠭᠤᠮ ᠪᠣᠯᠭᠠᠵᠤ᠂ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠵᠤ᠂ ᠰᠣᠶᠣᠯ ᠢᠶᠠᠷ | ᠵᠢᠭᠤᠯᠴᠢᠯᠠᠯ ᠢ ᠲᠠᠲᠠᠵᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠬᠡᠷᠡᠭᠲᠡᠢ᠃ ᠦᠵᠡᠯ ᠰᠠᠨᠠᠭ᠎ᠠ ᠪᠠᠨ | ᠴᠢᠯᠦᠭᠡᠯᠡᠵᠦ᠂ ᠣᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ | ᠬᠠᠮᠢᠶᠠᠷᠤᠯᠲᠠ ᠠᠵᠢᠯᠯᠠᠭᠠᠨ ᠪᠠ ᠵᠣᠬᠢᠶᠠᠨ ᠪᠦᠲᠦᠭᠡᠵᠦ ᠲᠣᠭᠯᠠᠯᠲᠠ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠴᠠᠭ ᠦᠶ᠎ᠡ ᠶᠢᠨ ᠠᠯᠬᠤᠭ᠎ᠠ ᠶᠢ ᠲᠠᠭᠠᠬᠰᠠᠨ᠂ ᠠᠷᠠᠳ | ᠲᠦᠮᠡᠨ ᠤ ᠬᠡᠷᠡᠭᠴᠡᠭᠡ ᠳᠤ ᠨᠡᠶᠢᠴᠡᠭᠰᠡᠨ ᠨᠡᠩ ᠤᠯᠠᠨ ᠰᠣᠳᠣᠨ ᠪᠦᠲᠦᠭᠡᠯ ᠢ ᠭᠠᠷᠭᠠᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠰᠢᠨ ᠨᠠ᠂ ᠵᠠᠩ ᠵᠢᠢ ᠹᠧᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |