︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠬᠦᠷᠴᠦ ᠪᠠᠶᠢᠴᠠᠭᠠᠨ ᠰᠤᠳᠤᠯᠤᠯᠲᠠ | ᠬᠢᠵᠡᠢ᠃ | ᠪᠣᠣ ᠭᠠᠩ ᠳ᠋ᠢᠩ ᠲᠠᠢ ᠸᠠᠨ ᠪᠠᠩ ᠰᠢᠨ᠎ᠡ ᠮᠠᠲ᠋ᠧᠷᠢᠶᠠᠯ᠂ ᠪᠠᠢ ᠪᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ | ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠪᠣᠯᠣᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠬᠥᠮᠥᠷᠭᠡ ᠶᠢᠨ ᠦᠢᠯᠡᠴᠢᠯᠡᠭᠡᠨ ᠤ ᠲᠥᠪ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠬᠡᠮᠵᠢᠶ᠎ᠡ ᠵᠢᠴᠢ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠢ ᠨᠠᠷᠢᠨ ᠣᠶᠢᠯᠠᠭᠠᠵᠤ᠂ ᠠᠵᠤ | ᠠᠬᠤᠶᠢᠯᠠᠯ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠳᠤ | ᠲᠥᠬᠦᠮ ᠦᠵᠡᠭᠦᠯᠬᠦ ᠳᠠᠪᠠᠭᠤᠯᠢᠭ ᠲᠤ ᠲᠦᠰᠢᠭᠯᠡᠨ᠂ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢ | ᠲᠠᠰᠤᠷᠠᠯᠲᠠ ᠦᠭᠡᠢ ᠥᠷᠭᠡᠳᠬᠡᠬᠦ ᠶᠢ ᠵᠣᠷᠢᠭᠵᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠨᠠᠮ ᠤᠨ | ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ︽ᠦᠢᠯᠡᠴᠢᠯᠡᠭᠴᠢ︾ ᠪᠣᠯᠬᠤ ᠶᠢ ᠱᠠᠭᠠᠷᠳᠠᠵᠤ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠨᠳᠤᠯᠭᠠᠲᠤ ᠴᠢᠨᠠᠷᠲᠠᠢ ᠪᠠᠷ ᠦᠢᠯᠡᠴᠢᠯᠡᠭᠡ ᠳᠡᠭᠡᠨ | ᠰᠢᠨ᠎ᠡ ᠶᠢ ᠡᠭᠦᠳᠴᠦ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠡᠢ᠃ | ᠳᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠪᠣᠯ ︽ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ ᠮᠠᠨ ᠤ | ᠬᠤᠳᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ | ᠪᠣᠯᠣᠨ᠎ᠠ ᠭᠡᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠮᠠᠨ ᠤ ᠬᠤᠳᠠ ᠶᠢᠨ ᠭᠤᠣᠯᠯᠠᠭᠴᠢ ᠠᠵᠤ | ᠦᠢᠯᠡᠰ ᠪᠣᠯᠣᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ | ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠭ᠎ᠠ ᠲᠦᠷᠦᠯ ᠵᠦᠢᠯ ᠤᠨ | ᠴᠢᠳᠠᠪᠤᠷᠢ ᠶᠢ ᠥᠷᠭᠡᠳᠬᠡᠨ ᠲᠡᠰ ᠳᠡᠪᠰᠢᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠢᠵᠢ | ᠪᠦᠷᠢᠳᠦᠭᠦᠯᠦᠯᠲᠡ ᠶᠢ ᠲᠦᠷᠭᠡᠨ ᠲᠡᠭᠦᠯᠳᠡᠷᠵᠢᠭᠦᠯᠵᠦ᠂ ᠬᠤᠭᠤᠰᠤᠨ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ | ᠪᠣᠯᠣᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠯᠠᠭᠤᠯᠤᠨ ᠰᠠᠶᠢᠲᠤᠷ ᠬᠡᠷᠡᠭᠯᠡᠵᠦ᠂ ᠬᠦᠷᠢᠶᠡᠯᠡᠩ ᠲᠣᠭᠤᠷᠢᠭ ᠤᠨ | ᠣᠷᠴᠢᠨ ᠲᠣᠭᠤᠷᠢᠨ ᠪᠣᠯᠣᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠭᠤᠨ ᠳ᠋ᠦᠩᠰᠢᠭᠤᠷ ᠲᠡᠰ ᠤᠨ | ᠬᠦᠷᠢᠶᠡᠯᠡᠩ ᠲᠣᠭᠤᠷᠢᠭ ᠲᠡᠰᠢ ᠲᠦᠷᠭᠡᠨ ᠤᠷᠤᠭᠰᠢᠯᠠᠬᠤ ᠬᠡᠷᠡᠭᠲᠡᠢ ᠭᠡᠵᠦ ᠱᠠᠭᠠᠷᠳᠠᠪᠠ᠃ ᠬᠠᠭᠤᠴᠢᠨ ᠮᠠᠰᠢᠨ | ᠲᠡᠷᠭᠡ ᠶᠢ ᠭᠠᠳᠠᠭᠠᠳᠤ ᠳᠤ ᠭᠠᠷᠭᠠᠬᠤ᠂ ᠦᠨᠡᠲᠦ ᠲᠡᠮᠦᠷᠯᠢᠭ ᠡᠳ᠋ᠰᠢᠭᠦᠯᠬᠦ᠂ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠠᠩ ᠣᠯᠠᠨ ᠭᠠᠳᠠᠭᠰᠢ | ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶᠢᠯᠠᠯ ᠢ ᠲᠠᠲᠠᠵᠤ ᠪᠠᠶᠢᠭᠠᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠳᠤ ᠪᠡᠯᠡ ᠣᠷᠣᠭᠤᠯᠤᠨ ᠦᠢᠯᠡᠰ ᠬᠥᠭᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠮᠠᠨ ᠤ | ᠬᠤᠲᠠ ᠶᠢᠨ ᠭᠠᠳᠠᠭᠠᠳᠤ ᠨᠡᠭᠡᠭᠡᠯᠲᠡ ᠶᠢᠨ ᠬᠤᠰᠢᠭᠤᠴᠢ ᠣᠷᠣᠨ᠂ ᠡᠵᠡᠩᠨᠡᠯᠲᠡ ᠶᠢᠨ ᠣᠷᠴᠢᠨ ᠲᠣᠭᠤᠷᠢᠨ ᠤ | ᠬᠠᠮᠤᠭ ᠤᠨ ᠰᠠᠶᠢᠨ ᠣᠷᠣᠨ᠂ ᠲᠣᠭᠲᠠᠴᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠭᠠᠬᠤ ᠪᠠᠷ | ᠴᠢᠷᠮᠠᠶᠢᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠡᠯ᠎ᠡ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠠᠵᠢᠯ ᠢ ᠲᠦᠷᠭᠡᠨ ᠠᠬᠢᠭᠤᠯᠬᠤ | ᠬᠡᠷᠡᠭᠲᠡᠢ ᠭᠡᠪᠡ᠃ | ᠬᠥᠬᠡᠬᠤᠲᠠ ᠶᠢᠨ ᠪᠣᠭᠤᠮᠲᠠ ᠶᠢᠨ ᠳᠠᠷᠤᠭ᠎ᠠ ᠯᠢ ᠵᠢᠶᠠᠨ ᠸᠧᠢ᠂ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ | ᠂ ᠸᠠᠩ ᠰᠢᠨ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |