ᠪᠣᠣ ᠭᠠᠩ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠯᠣᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2023/2/2
      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠯᠣᠭᠤᠳᠤᠯᠭ᠎ᠠ ᠬᠢᠪᠡ᠃      ᠬᠤᠷᠠᠯ ᠳᠡᠭᠡᠷ᠎ᠡ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠹᠦ᠋ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠠᠷᠢᠴᠠᠭᠤᠯᠬᠤ ᠪᠠᠶᠢᠴᠠᠭᠠᠯᠲᠠ ᠬᠢᠵᠦ᠂ ᠪᠠᠭ ᠤᠨ ᠭᠡᠰᠢᠭᠦᠳ ᠳᠠᠷᠠᠭᠠᠯᠠᠨ ᠬᠠᠷᠢᠴᠠᠭᠤᠯᠬᠤ ᠪᠠᠶᠢᠴᠠᠭᠠᠯᠲᠠ ᠪᠠ ᠬᠤᠪᠢ ᠶᠢᠨ ᠵᠠᠳᠠᠯᠤᠯᠲᠠ ᠬᠢᠵᠦ᠂ ᠬᠠᠷᠢᠯᠴᠠᠨ ᠰᠢᠭᠦᠮᠵᠢᠯᠡᠬᠦ ᠰᠠᠨᠠᠯ ᠳᠤᠷᠠᠳᠪᠠ᠃      ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠪᠣᠣ ᠭᠠᠩ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠤᠲᠠᠯᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ ᠃ ᠨᠢᠭᠡ ᠳᠤ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠳᠡᠭᠡᠷ᠎ᠡ ᠬᠦᠴᠦ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠᠷ ᠭᠤᠣᠯᠳᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠪᠠᠷ᠂ ᠥᠨᠳᠥᠷ ᠵᠣᠭᠰᠣᠴᠠ ᠥᠷᠭᠡᠨ ᠬᠠᠷᠠᠭᠠᠰᠤ ᠶᠡᠭᠡ ᠪᠠᠶᠢᠷᠢᠰᠢᠯ ᠢᠶᠠᠷ ᠬᠥᠭᠵᠢᠯᠲᠡ ᠶᠢ ᠡᠷᠢᠯᠬᠢᠯᠡᠵᠦ᠂ ᠲᠥᠷᠥᠯ ᠵᠦᠢᠯ ᠢ ᠠᠳᠬᠤᠨ᠂ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠵᠦ᠂ ᠠᠵᠤ ᠦᠢᠯᠡᠰ ᠢ ᠬᠥᠭᠵᠢᠭᠦᠯᠦᠨ᠂ ᠬᠡᠷᠡᠭᠯᠡᠭᠡ ᠶᠢ ᠠᠬᠢᠭᠤᠯᠵᠤ᠂ ᠠᠵᠤ ᠠᠬᠤᠢ ᠶᠢᠨ ᠬᠦᠴᠦᠷᠬᠡᠭ ᠲᠣᠭᠤᠷᠢᠭ ᠢ ᠴᠣᠭᠴᠠᠯᠠᠨ ᠪᠠᠶᠢᠭᠤᠯᠬᠤ ᠬᠡᠷᠡᠭᠲᠡᠢ᠃ ᠭᠤᠷᠪᠠ ᠳᠤ ᠬᠥᠮᠥᠨ ᠠᠮᠠ ᠶᠢ ᠲᠥᠪᠯᠡᠷᠡᠭᠦᠯᠬᠦ ᠳᠡᠭᠡᠷ᠎ᠡ ᠬᠦᠴᠦ ᠲᠠᠯᠪᠢᠵᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠰᠢᠯᠢᠳᠡᠭ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠵᠠᠯᠠᠭᠤᠴᠤᠳ ᠤᠨ ᠦᠢᠯᠡᠰ ᠪᠣᠰᠬᠠᠬᠤ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠩ ᠤᠯᠠᠨ ᠬᠥᠮᠥᠰ ᠢ ᠲᠠᠲᠠᠵᠤ ᠰᠠᠶᠢᠬᠠᠨ ᠲᠣᠭᠤᠷᠢᠭ ᠲᠤ ᠦᠯᠡᠳᠡᠭᠡᠵᠦ᠂ ᠣᠷᠣᠨ ᠤ ᠲᠥᠪ ᠲᠤ ᠦᠨᠳᠦᠰᠦᠯᠡᠭᠦᠯᠬᠦ ᠬᠡᠷᠡᠭᠲᠡᠢ᠃ ᠳᠥᠷᠪᠡ ᠳᠤ ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠳᠡᠭᠡᠷ᠎ᠡ ᠬᠦᠴᠦ ᠲᠠᠯᠪᠢᠵᠤ᠂ ᠬᠠᠭᠤᠴᠢᠨ ᠦᠵᠡᠯᠲᠡ ᠪᠠᠨ ᠲᠠᠶᠠᠭᠳᠠᠵᠤ᠂ ︽ᠬᠠᠮᠤᠭ ᠤᠨ ᠰᠠᠶᠢᠨ ᠲᠣᠭᠤᠷᠢᠭ︾ ᠤᠨ ᠪᠠᠷᠢᠮᠵᠢᠶ᠎ᠠ ᠪᠠᠷ ᠬᠠᠮᠢᠶᠠᠷᠤᠯᠲᠠ ᠶᠢ ᠨᠠᠷᠢᠯᠢᠭᠵᠢᠭᠤᠯᠵᠤ᠂ ᠵᠠᠰᠠᠯᠲᠠ ᠶᠢᠨ ᠳᠤᠲᠠᠭᠳᠠᠯ ᠢᠶᠠᠨ ᠨᠥᠬᠦᠪᠦᠷᠢᠯᠡᠵᠦ᠂ ᠵᠠᠰᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷᠴᠤᠳ ᠤᠨ ᠴᠤᠭ ᠵᠢᠪᠬᠤᠭ᠎ᠠ ᠶᠢ ᠪᠠᠳᠠᠷᠠᠭᠤᠯᠵᠤ᠂ ᠤᠯᠠᠨ ᠢᠶᠠᠷ ᠢᠶᠠᠨ ᠠᠵᠢᠯ ᠬᠢᠵᠦ ᠦᠢᠯᠡᠰ ᠪᠣᠰᠬᠠᠬᠤ ᠬᠠᠶᠢᠷ᠎ᠠ ᠰᠡᠳᠬᠢᠯᠭᠡ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠡᠷᠴᠢ ᠵᠣᠷᠢᠭ ᠪᠣᠯᠣᠨ ᠲᠡᠷᠢᠭᠦᠨ ᠢ ᠲᠡᠮᠡᠴᠡᠬᠦ ᠡᠷᠴᠢ ᠵᠣᠷᠢᠭ ᠢ ᠬᠥᠭᠵᠢᠭᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠢᠶᠠᠨ ᠬᠠᠷᠠᠭᠤᠯᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ ᠬᠤᠷᠠᠯ ᠳᠤ ᠣᠷᠣᠯᠴᠠᠪᠠ᠃ ᠬᠤᠲᠠ ᠶᠢᠨ ᠶᠢᠰᠦᠳᠦᠭᠡᠷ ᠰᠢᠮᠳᠠᠭᠤᠯᠤᠨ ᠵᠢᠯᠤᠭᠤᠳᠬᠤ ᠳᠤᠭᠤᠶᠢᠯᠠᠩ᠂ ᠬᠤᠲᠠ  ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号