ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 2 ᠤᠨ ᠦᠳᠡ ᠶᠢᠨ ᠡᠮᠦᠨ᠎ᠡ᠂ ᠬᠤᠷᠢᠨᠭᠡᠷ | ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠬᠤᠷᠠᠯᠳᠤᠪᠠ᠃ 2023 ᠣᠨ ᠤ ᠴᠢᠨᠠᠷ | ᠰᠠᠶᠢᠲᠠᠢ ᠬᠥᠭᠵᠢᠯᠲᠡ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ | 2022 ᠣᠨ ᠤ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2023 ᠣᠨ ᠤ | ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠪᠠ ᠬᠡᠷᠡᠭᠵᠢᠭᠦᠯᠬᠦ ᠭᠤᠣᠯᠳᠠᠯᠭ᠎ᠠ ᠲᠠᠢ ᠲᠥᠷᠥᠯ ᠵᠦᠢᠯ ᠤᠨ | ᠲᠥᠯᠥᠪᠯᠡᠭᠡ︾ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2023 ᠣᠨ ᠤ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠯᠡᠭᠡ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ | ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃ | ᠬᠤᠷᠠᠯ ᠠᠴᠠ᠂ ᠰᠠᠨᠠᠭᠠᠴᠢᠯᠠᠭ᠎ᠠ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ | ᠬᠠᠷᠢᠴᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠬᠤᠷᠢᠨᠭᠡᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠡᠭᠦᠳᠬᠦ ᠬᠠᠷᠠᠯᠲᠠ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠪᠠ ᠠᠯᠤᠰ ᠬᠡᠳᠦ ᠳᠤ ᠰᠠᠭᠤᠷᠢᠯᠠᠨ᠂ ᠡᠨᠡ ᠵᠢᠯ ᠤᠨ ᠠᠵᠤ | ᠠᠬᠤᠢ ᠶᠢᠨ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠦᠨᠡᠨᠬᠦ ᠬᠡᠷᠡᠭᠵᠢᠭᠦᠯᠵᠦ ᠪᠣᠯᠬᠤ᠂ ᠢᠳᠡᠪᠬᠢᠯᠡᠨ | ᠳᠠᠪᠰᠢᠬᠤ ᠡᠭᠦᠷᠭᠡ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠶᠢ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠡᠯ᠎ᠡ | ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ | ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠠᠭ ᠬᠦᠯᠢᠶᠡᠬᠦ ᠦᠭᠡᠢ ᠬᠠᠷᠢᠭᠤᠴᠠᠯᠭᠠᠲᠤ ᠤᠬᠠᠮᠰᠠᠷ ᠢᠶᠠᠷ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠢᠨ᠎ᠡ ᠲᠣᠭᠤᠷᠢᠭ ᠲᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ᠂ ᠬᠥᠭᠵᠢᠯᠲᠡ ᠶᠢᠨ ᠶᠡᠭᠡ | ᠲᠠᠯ᠎ᠠ ᠲᠠᠢ ᠬᠤᠯᠪᠣᠭᠳᠠᠨ᠎ᠠ᠃ ᠵᠣᠬᠢᠰᠲᠠᠢ ᠪᠠᠷ ᠤᠷᠢᠳᠴᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ | ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠠᠷᠭ᠎ᠠ ᠬᠡᠮᠵᠢᠶ᠎ᠡ ᠪᠠᠷ ᠵᠠᠰᠠᠭ ᠤᠨ ᠣᠷᠳᠣᠨ ᠠᠴᠠ | ᠪᠡᠯᠡ ᠣᠷᠣᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ | ᠣᠷᠳᠣᠨ ᠠᠴᠠ ᠪᠡᠯᠡ ᠣᠷᠣᠭᠤᠯᠤᠭᠰᠠᠨ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ᠂ ᠦᠨᠳᠦᠰᠦᠨ | ᠦᠢᠯᠡᠳᠦᠯ᠂ ᠦᠢᠯᠡᠴᠢᠯᠡᠭᠡᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |