ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ | ᠬᠤᠷᠠᠯ ᠤᠨ ᠲᠥᠰᠥᠯ︾ ᠢ ᠬᠢᠨᠠᠨ ᠵᠥᠪᠯᠡᠪᠡ︔ ᠤᠯᠤᠰ ᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ | ᠬᠦᠢᠰᠦ ᠶᠢᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠮᠡᠳᠡᠭᠦᠯᠬᠦ ᠠᠵᠢᠯ ᠢ ᠥᠷᠨᠢᠭᠦᠯᠬᠦ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠳᠦᠷᠢᠮ ᠤᠨ | ᠬᠡᠷᠡᠭᠵᠢᠭᠦᠯᠬᠦ ᠠᠷᠭ᠎ᠠ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ᠂ ︽ᠬᠥᠬᠡᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ | ᠬᠤᠷᠠᠯ ᠤᠨ ᠲᠥᠰᠥᠯ︾ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠳᠠᠭᠠᠷᠢᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠠᠵᠢᠯᠲᠠᠨ᠂ ᠪᠦᠬᠦ ᠣᠷᠣᠨ ᠪᠦᠰᠡ᠂ ᠪᠦᠬᠦ | ᠵᠢᠯ ᠢᠶᠠᠷ ︽ᠶᠡᠬᠡᠪᠡᠷ ᠬᠤᠳᠠᠯᠳᠤᠭᠠᠴᠢᠨ ᠤᠷᠢᠬᠤ︾ ᠪᠠᠶᠢᠷᠢᠰᠢᠯ ᠢ ᠬᠦᠴᠦᠯᠡᠨ ᠪᠠᠶᠢᠭᠤᠯᠵᠤ᠂ ᠪᠦᠬᠦ ᠬᠤᠳᠠ ᠶᠢᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠠᠮᠤᠭ ᠤᠨ ᠬᠦᠴᠦᠷᠬᠡᠭ ᠬᠥᠳᠡᠯᠭᠡᠭᠦ ᠬᠦᠴᠦᠨ ᠬᠠᠩᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠭᠰᠡᠨ᠂ ᠠᠵᠤ | ᠠᠬᠤᠢ ᠶᠢᠨ ᠥᠨᠳᠥᠷ ᠦᠷ᠎ᠡ ᠠᠰᠢᠭ ᠲᠠᠢ᠂ ᠪᠣᠬᠢᠷᠳᠤᠯ ᠦᠭᠡᠢ ᠡᠷᠴᠢᠮᠵᠢᠭᠰᠡᠨ᠂ ᠣᠶᠤᠨᠴᠢ ᠲᠡᠷᠢᠭᠦᠨ ᠤ | ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠪᠠᠷᠠᠭᠠᠨ ᠤ | ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠷ᠎ᠡ ᠠᠰᠢᠭ ᠪᠣᠯᠣᠨ ᠶᠠᠰᠤ ᠴᠢᠨᠠᠷ ᠢ ᠤᠯᠠᠮ ᠨᠢᠭᠡ ᠳᠡᠭᠡᠭᠰᠢᠯᠡᠭᠦᠯᠵᠦ᠂ ᠮᠠᠨ ᠤ | ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ | ᠬᠤᠲᠠ ᠶᠢᠨ ᠬᠥᠭᠵᠢᠯᠲᠡ ᠪᠠ ᠬᠥᠮᠥᠨ ᠠᠮᠠ ᠶᠢᠨ ᠨᠡᠮᠡᠭᠳᠡᠯ ᠯᠦᠭᠡ ᠬᠠᠷᠢᠯᠴᠠᠨ ᠵᠣᠬᠢᠴᠠᠭᠤᠯᠵᠤ᠂ ᠨᠢᠭᠡᠳᠦᠯᠲᠡᠢ | ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠤᠷᠢᠳᠠᠪᠠᠷ ᠲᠣᠬᠢᠷᠠᠭᠤᠯᠬᠤ᠂ ᠲᠥᠬᠦᠮ ᠪᠥᠭᠡᠳ ᠠᠶᠤᠯᠭᠦᠢ | ᠵᠠᠷᠴᠢᠮ ᠢ ᠪᠠᠷᠢᠮᠲᠠᠯᠠᠨ᠂ ᠰᠣᠳᠣᠨ ᠢᠨᠵᠧᠨᠧᠷᠢᠩ ᠤᠨ ᠦᠵᠡᠯ ᠤᠬᠠᠮᠰᠠᠷ ᠢ ᠪᠣᠶ ᠪᠣᠯᠭᠠᠵᠤ᠂ ᠰᠤᠷᠭᠠᠭᠤᠯᠢ ᠶᠢᠨ | ᠲᠥᠷᠥᠯ ᠵᠦᠢᠯ ᠢ ᠰᠣᠳᠣᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |