ᠠᠵᠢᠯᠴᠢ ᠬᠥᠮᠥᠨ ᠳᠤ ᠬᠠᠪᠤᠷ ᠡᠷᠲᠡ  ᠰᠢᠨᠵᠢᠯᠡᠭᠡ ᠮᠡᠷᠭᠡᠵᠢᠯ ᠢᠶᠠᠷ ᠲᠠᠷᠢᠶᠠᠯᠠᠩ ᠳᠤ ᠲᠤᠰᠠᠯᠠᠭᠠᠳ ᠶᠠᠭᠠᠷᠠᠤ
ᠨᠡᠶᠢᠲᠡᠯᠡᠭᠰᠡᠨ ᠴᠠᠭ᠄
2023/2/3
     ᠴᠢᠬᠢ ᠮᠣᠳᠣ ᠰᠣᠩᠭᠤᠵᠤ᠂ ᠰᠢᠷᠣᠢ ᠨᠡᠮᠡᠨ ᠪᠣᠷᠳᠣᠭᠤᠷ ᠣᠷᠣᠭᠤᠯᠵᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ᠂ ᠮᠣᠳᠣ ᠶᠢ ᠬᠠᠶᠢᠴᠢᠯᠠᠨ ᠵᠠᠰᠠᠵᠤ᠂ ᠰᠠᠯᠠᠭ᠎ᠠ ᠮᠥᠴᠢᠷ ᠢ ᠵᠠᠰᠠᠨ ᠵᠢᠮᠢᠰ ᠢ ᠨᠢ ᠬᠠᠮᠠᠭᠠᠯᠠᠵᠤ ᠁ ᠣᠶᠢᠷ᠎ᠠ ᠶᠢᠨ ᠡᠳᠦᠷ᠂ ᠬᠤᠷᠢᠨᠭᠡᠷ ᠰᠢᠶᠠᠨ ᠤ ᠯᠢᠤᠢ ᠶᠧ ᠰᠠᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠸᠠᠩ ᠬᠤᠩ ᡁᠢ ︵ᠪᠠᠷᠠᠭᠤᠨ ᠠᠴᠠ ᠨᠢᠭᠡᠳᠦᠭᠡᠷ︶ ᠶᠠᠭ ᠵᠦᠷᠵᠢ ᠶᠢᠨ ᠲᠠᠷᠢᠶᠠᠴᠢᠨ ᠠᠵᠢᠯ ᠳᠤ ᠤᠯᠠᠨ ᠵᠦᠢᠯ ᠤᠨ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠲᠤᠬᠠᠢ ᠶᠢᠨ ᠲᠠᠯᠠᠪᠠᠢ ᠳᠤ ᠲᠡᠳᠡᠨ ᠤ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠴᠡᠢ᠃      ᠠᠵᠢᠯᠴᠢ ᠬᠥᠮᠥᠨ ᠳᠤ ᠬᠠᠪᠤᠷ ᠡᠷᠲᠡ᠃ ᠴᠠᠭᠠᠨ ᠰᠠᠷ᠎ᠠ ᠥᠩᠭᠡᠷᠡᠮᠡᠭᠴᠡ᠂ ᠪᠥᠬᠦ ᠬᠤᠲᠠ ᠶᠢᠨ 300 ᠰᠢᠬᠠᠮ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠠᠷᠢᠶᠠᠯᠠᠩ ᠤᠨ ᠬᠦᠷᠢᠶᠡᠯᠡᠩ ᠲᠣᠭᠤᠷᠢᠭ ᠪᠠ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠲᠠᠷᠢᠶᠠᠴᠢᠨ ᠡᠷᠦᠬᠡ ᠶᠢ ᠵᠢᠭᠠᠨ ᠵᠢᠯᠤᠭᠤᠳᠴᠤ ᠰᠢᠨᠵᠢᠯᠡᠬᠦ ᠤᠬᠠᠭᠠᠨᠴᠢ ᠪᠠᠷ ᠲᠠᠷᠢᠵᠤ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠲᠡᠳᠡᠨ ᠤ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦ ᠳᠤᠨᠢ ᠲᠤᠰᠠᠯᠠᠪᠠ᠃ ᠰᠤᠷᠪᠤᠯᠵᠢᠯᠠᠭᠴᠢ ᠦ᠋ ᠽᠢ ᠰᠢᠤᠸᠠᠨ  ᠴᠢᠮᠡᠭᠡᠯᠡᠭᠴᠢ ᠾᠧ ᠰᠢᠸ ᠹᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号