︵ᠰᠤᠷᠪᠤᠯᠵᠢᠯᠠᠭᠴᠢ ᠡᠷᠳᠡᠨᠢᠬᠤᠸᠠᠷ︶ ᠬᠥᠬᠡᠬᠤᠲᠠ ᠶᠢᠨ ᠪᠦᠬᠦ ᠤᠷᠤᠨ ᠤ ᠴᠢᠨᠠᠷ ᠰᠠᠶᠢᠲᠠᠢ | ᠬᠦᠭᠵᠢᠯᠳᠡ ᠳᠠᠬᠢ ᠤᠷᠤᠨ ᠤ ᠲᠦᠪ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠦᠯᠦᠭᠡ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠠᠴᠠ ᠣᠶᠢᠷ᠎ᠠ ᠳᠤ ︽ᠬᠦᠬᠡᠬᠤᠳᠠ ᠶᠢᠨ ᠴᠢᠨᠠᠷ ᠰᠠᠶᠢᠲᠠᠢ | ᠬᠦᠭᠵᠢᠯᠳᠡ ᠶᠢ ᠳᠡᠮᠵᠢᠬᠦ ᠲᠤᠬᠠᠢ ᠰᠠᠨᠠᠯ︾ ᠨᠡᠶᠢᠲᠡᠯᠡᠪᠡ᠃ | ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠪᠤᠯᠬᠤ ᠪᠦᠭᠡᠳ | ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠪᠦᠬᠦ ᠤᠷᠤᠨ ᠤ ᠴᠢᠨᠠᠷ ᠰᠠᠶᠢᠲᠠᠢ ᠬᠦᠭᠵᠢᠯᠳᠡ ᠶᠢ ᠬᠦᠲᠦᠯᠦᠨ ᠳᠠᠭᠠᠭᠤᠯᠬᠤ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ︽ᠤᠷᠤᠨ ᠤ ᠲᠦᠪ ᠤᠨ ᠬᠤᠲᠠ ᠶᠢᠨ ᠴᠢᠳᠠᠮᠵᠢ ᠪᠠᠨ ᠳᠡᠭᠡᠭᠰᠢᠯᠡᠬᠦᠯᠵᠤ᠂ | ᠬᠦᠭᠵᠢᠯᠳᠡ ᠶᠢᠨ ᠤᠷᠴᠢᠨ ᠨᠦᠬᠦᠴᠡᠯ ᠢᠶᠠᠨ ᠰᠢᠯᠢᠳᠡᠭᠵᠢᠭᠦᠯᠦᠨ᠂ ᠴᠢᠨᠠᠷ ᠰᠠᠶᠢᠲᠠᠢ ᠬᠦᠭᠵᠢᠯᠳᠡ ᠶᠢ ᠡᠩ | ᠲᠡᠷᠢᠭᠦᠨ ᠳᠤ ᠪᠡᠶᠡᠯᠡᠭᠦᠯᠬᠦ ᠶᠢ ᠳᠡᠮᠵᠢᠨ᠎ᠡ︾ ᠭᠡᠵᠦ ᠳᠤᠷᠠᠳᠴᠤ᠂ 2022 ᠤᠨ ᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠪᠠᠰᠠ ︽ᠬᠦᠬᠡᠬᠤᠳᠠ ᠶᠢᠨ ᠤᠷᠤᠨ ᠤ ᠲᠦᠪ ᠢ | ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ︾ ᠭᠡᠵᠦ ᠳᠤᠷᠠᠳᠴᠠᠢ᠃ | ᠥᠪᠡᠷᠲᠡᠭᠡᠨ ᠵᠠᠰᠠᠬᠤ ᠣᠷᠣᠨ ᠤ ︽ᠬᠦᠬᠡᠬᠤᠳᠠ ᠶᠢᠨ ᠴᠢᠨᠠᠷ ᠰᠠᠶᠢᠲᠠᠢ ᠬᠦᠭᠵᠢᠯᠳᠡ ᠶᠢ ᠳᠡᠮᠵᠢᠬᠦ ᠲᠤᠬᠠᠢ | ᠰᠠᠨᠠᠯ︾ ᠨᠢ ᠶᠡᠷᠦᠩᠬᠡᠢ ᠱᠠᠭᠠᠷᠳᠠᠯᠭ᠎ᠠ᠂ ᠳᠠᠪᠠᠭᠤᠯᠢᠭᠳᠤ ᠠᠵᠤ ᠦᠢᠯᠡᠰ ᠢ ᠬᠦᠭᠵᠢᠭᠦᠯᠦᠨ ᠪᠤᠵᠠᠭᠠᠢᠷᠠᠭᠤᠯᠬᠤ᠂ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠦᠭᠵᠢᠭᠦᠯᠬᠦ᠂ ᠤᠷᠤᠨ ᠤ ᠲᠦᠪ ᠤᠨ ᠶᠡᠷᠦᠩᠬᠡᠶᠢᠯᠡᠭᠰᠡᠨ | ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠤᠷᠤᠰᠢᠨ ᠰᠠᠭᠤᠷᠢᠰᠢᠬᠤ ᠳᠤ ᠳᠤᠬᠢᠯᠢᠭ ᠬᠤᠳᠠ ᠶᠢ ᠱᠠᠯᠠᠪᠳᠠᠨ | ᠪᠠᠶᠢᠭᠤᠯᠬᠤ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠱᠠᠯᠠᠪᠳᠠᠨ ᠠᠬᠢᠭᠤᠯᠬᠤ᠂ ᠴᠢᠬᠤᠯᠠ | ᠡᠯᠧᠮᠧᠨ᠋ᠲ ᠢ ᠪᠠᠳᠤᠯᠠᠬᠤ ᠴᠢᠳᠠᠪᠤᠷᠢ ᠶᠢ ᠰᠢᠯᠢᠳᠡᠭᠵᠢᠭᠦᠯᠦᠨ ᠰᠠᠶᠢᠵᠢᠷᠠᠭᠤᠯᠬᠤ᠂ ᠵᠤᠬᠢᠶᠠᠨ ᠪᠠᠶᠢᠭᠤᠯᠵᠤ ᠬᠡᠷᠡᠭᠵᠢᠭᠦᠯᠬᠦ | ᠡᠷᠴᠢᠮ ᠢ ᠴᠢᠩᠭᠠᠷᠠᠭᠤᠯᠬᠤ ᠵᠡᠷᠭᠡ 8 ᠬᠡᠰᠡᠭ ᠢᠶᠠᠷ ᠪᠦᠷᠢᠯᠳᠦᠵᠦ᠂ ᠬᠥᠬᠡᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠠᠷᠠᠯᠲᠠ ᠪᠠ ᠪᠠᠶᠢᠷᠢ ᠳᠤᠭᠳᠠᠭᠠᠯᠳᠠ᠂ ᠡᠯ᠎ᠠ ᠲᠠᠯ᠎ᠠ ᠶᠢᠨ ᠪᠤᠳᠠᠳᠠᠢ ᠡᠭᠦᠷᠭᠡ᠂ ᠪᠠᠲᠤᠯᠠᠭ᠎ᠠ ᠶᠢᠨ | ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠵᠠᠢ᠃ | ᠰᠠᠨᠠᠯ ᠨᠢ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠤᠳᠠᠳᠠᠢ ᠲᠦᠷᠦ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠭᠦᠢᠴᠡᠳ ᠪᠤᠳᠤᠯᠬᠢᠯᠠᠵᠤ᠂ ᠭᠤᠣᠯᠳᠠᠯᠭ᠎ᠠ ᠲᠠᠢ ᠬᠦᠷᠢᠶ᠎ᠡ ᠶᠢ ᠳᠡᠮᠵᠢᠬᠦ᠂ ᠭᠤᠣᠯᠳᠠᠯᠭ᠎ᠠ ᠲᠠᠢ | ᠲᠦᠷᠦᠯ ᠵᠦᠢᠯ ᠢ ᠳᠡᠮᠵᠢᠬᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠳᠡᠮᠵᠢᠬᠦ ᠶᠢ ᠳᠣᠪᠣᠶᠢᠮ᠎ᠠ ᠢᠯᠡᠷᠡᠭᠦᠯᠵᠤ᠂ | ᠭᠤᠤᠯ ᠠᠭᠤᠯᠭ᠎ᠠ ᠶᠢᠨ ᠲᠤᠭᠤᠷᠢᠨ ᠳᠤ ᠪᠠᠰᠠ 60 ᠵᠦᠢᠯ ᠤᠨ ᠪᠤᠳᠠᠳᠠᠢ ᠳᠡᠮᠵᠢᠬᠦ ᠠᠭᠤᠯᠭ᠎ᠠ ᠶᠢ ᠢᠵᠢ | ᠪᠦᠷᠢᠳᠦᠭᠦᠯᠤᠨ ᠳᠤᠷᠠᠳᠤᠭᠰᠠᠨ ᠪᠠᠶᠢᠨ᠎ᠠ᠃ |