ᠬᠥᠬᠡᠬᠤᠲᠠ ᠥᠭᠡᠷ᠎ᠡ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/2/6
      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 3 ᠤ ᠡᠳᠦᠷ᠂ ᠬᠥᠬᠡᠬᠤᠲᠠ ᠥᠭᠡᠷ᠎ᠡ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠰᠠᠭᠤᠳᠠᠯ ᠤᠨ ᠬᠤᠷᠠᠯ ᠬᠢᠵᠦ᠂ ᠬᠠᠮᠲᠤᠪᠠᠷ ᠣᠷᠣᠨ ᠨᠤᠲᠤᠭ ᠤᠨ ᠪᠠᠶᠢᠳᠠᠯ ᠢ ᠶᠠᠷᠢᠯᠴᠠᠨ ᠬᠥᠭᠵᠢᠯᠲᠡ ᠶᠢ ᠡᠷᠢᠯᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠶᠠᠩ ᠱᠤ᠋ ᠴᠢᠨ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠪᠠᠢ ᠴᠦᠨ ᠶᠠᠨ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠠᠵᠢᠯᠯᠠᠭ᠎ᠠ ᠳᠤ ᠣᠷᠣᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠲᠢᠶᠠᠨᠵᠢᠨ᠂ ᠱᠠᠩᠬᠠᠢ᠂ ᠴᠦᠩᠴᠢᠩ᠂ ᠨᠠᠨᠵᠢᠩ᠂ ᠱᠠᠨᠰᠢ᠂ ᠰᠧᠴᠤᠸᠠᠨ ᠵᠡᠷᠭᠡ ᠭᠠᠵᠠᠷ ᠠᠴᠠ ᠢᠷᠡᠭᠰᠡᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠣᠯᠣᠯᠲᠠ ᠲᠥᠷᠥᠭᠳᠡᠯ ᠢᠶᠠᠨ ᠢᠳᠡᠪᠬᠢᠲᠡᠢ ᠶᠠᠷᠢᠯᠴᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠨᠠᠯ ᠢᠶᠠᠨ ᠰᠣᠯᠢᠯᠴᠠᠪᠠ᠃      ᠠᠨ ᠷᠦᠨ ᠱᠧᠩ ᠥᠭᠡᠷ᠎ᠡ ᠬᠤᠲᠠ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠨᠤᠲᠤᠭ ᠤᠰᠤ ᠪᠠᠨ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠢᠨ ᠥᠭᠡᠷ᠎ᠡ ᠭᠠᠵᠠᠷ ᠲᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠳᠠᠭ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ᠂ ᠣᠷᠣᠨ ᠤ ᠲᠥᠪ ᠤᠨ ᠲᠡᠷᠢᠭᠦᠨ ᠤ ᠬᠡᠮᠵᠢᠶᠡᠨ ᠤ ᠳᠡᠭᠡᠭᠰᠢᠯᠡᠯᠲᠡ ᠨᠢ ᠴᠥᠮ ᠬᠤᠳᠠᠯᠳᠤᠭᠠᠴᠢᠳ ᠤᠨ ᠡᠪᠯᠡᠯ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠡᠯ᠎ᠡ ᠭᠠᠵᠠᠷ ᠲᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠤᠲᠤᠭ ᠤᠰᠤᠨ ᠤ ᠪᠠᠨ ᠬᠥᠭᠵᠢᠯᠲᠡ ᠶᠢ ᠠᠩᠬᠠᠷᠤᠨ᠂ ᠨᠤᠲᠤᠭ ᠤᠰᠤᠨ ᠤ ᠪᠠᠨ ᠳᠠᠪᠠᠭᠤᠯᠢᠭ ᠢ ᠤᠬᠠᠭᠤᠯᠵᠤ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠨᠠᠩ ᠣᠯᠠᠨ ᠠᠵᠤ ᠠᠬᠤᠶᠢᠯᠠᠯᠲᠠᠨ ᠨᠠᠶᠢᠵᠠ ᠨᠠᠷ ᠢᠶᠠᠨ ᠨᠤᠲᠤᠭ ᠤᠰᠤᠨ ᠳᠠᠭᠠᠨ ᠵᠠᠯᠠᠵᠤ᠂ ᠨᠤᠲᠤᠭ ᠤᠰᠤᠨ ᠳᠠᠭᠠᠨ ᠪᠡᠯᠡ ᠣᠷᠣᠭᠤᠯᠵᠤ᠂ ᠠᠳᠠᠯ ᠦᠢᠯᠡᠰ ᠴᠣᠭᠴᠠᠯᠠᠭᠤᠯᠤᠨ᠂ ᠠᠵᠤ ᠠᠬᠤᠶᠢᠯᠠᠯ ᠠᠰᠢᠭ ᠬᠤᠨᠵᠢᠪᠤᠷᠢ ᠣᠯᠵᠤ᠂ ᠣᠷᠣᠨ ᠨᠤᠲᠤᠭ ᠬᠥᠭᠵᠢᠵᠦ᠂ ᠠᠷᠠᠳ ᠣᠯᠠᠨ ᠠᠰᠢᠭ ᠬᠦᠷᠲᠡᠭᠰᠡᠨ ᠬᠠᠮᠤᠭ ᠤᠨ ᠰᠠᠶᠢᠨ ᠦᠷ᠎ᠡ ᠳ᠋ᠦᠩ ᠳᠤ ᠬᠦᠷᠬᠦ ᠶᠢ ᠬᠦᠰᠡᠵᠦ ᠪᠠᠶᠢᠨ᠎ᠠ ᠭᠡᠵᠡᠢ᠃      ᠾᠧ ᠬᠠᠢ ᠳ᠋ᠦᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠭᠠᠳᠠᠨ᠎ᠠ ᠣᠷᠣᠨ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠣᠯᠠᠨ ᠵᠢᠯ ᠤᠨ ᠲᠤᠷᠰᠢ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯᠲᠠᠳ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠥᠩᠭᠡᠷᠡᠭᠰᠡᠨ ᠲᠠᠢ ᠪᠠᠨ ᠠᠳᠠᠯᠢ ᠪᠠᠷ ᠣᠷᠣᠯᠴᠠᠨ ᠳᠡᠮᠵᠢᠵᠦ᠂ ᠣᠷᠣᠨ ᠤ ᠲᠥᠪ ᠤᠨ ᠬᠠᠮᠤᠭ ᠤᠨ ᠦᠨᠡᠨᠴᠢ ᠬᠤᠷᠰᠢᠭᠴᠢ᠂ ᠬᠠᠮᠤᠭ ᠤᠨ ᠬᠦᠴᠦᠷᠬᠡᠭ ᠪᠡᠯᠡ ᠣᠷᠣᠭᠤᠯᠤᠭᠴᠢ᠂ ᠬᠠᠮᠤᠭ ᠤᠨ ᠭᠤᠶᠣ ᠣᠷᠣᠯᠠᠨ ᠥᠭᠦᠯᠡᠭᠴᠢ ᠪᠣᠯᠬᠤ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠬᠠᠮᠲᠤᠪᠠᠷ ᠡᠭᠦᠳᠦᠶ᠎ᠡ ᠭᠡᠵᠡᠢ᠃      ᠬᠤᠲᠠ ᠶᠢᠨ ᠤᠳᠤᠷᠢᠳᠤᠯᠭ᠎ᠠ ᠭᠧ ᡁᠢ ᠮᠢᠨ᠂ ᠸᠠᠩ ᠰᠢᠨ ᠢᠦᠢ᠂ ᠯᠢ ᠰᠢᠶᠣᠣ ᠶᠠᠨ᠂ ᠸᠠᠩ ᠭᠦᠸᠧ ᠬᠤᠸᠠ ᠵᠢᠴᠢ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号