ᠾᠧ ᠬᠠᠢ ᠳ᠋ᠦᠩ ᠳ᠋ᠢᠩ ᠲᠠᠢ ᠸᠠᠨ ᠪᠠᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠦ ᠵᠢᠶᠠᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/2/6
      ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 3 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠳ᠋ᠢᠩ ᠲᠠᠢ ᠸᠠᠨ ᠪᠠᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠦ ᠵᠢᠶᠠᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠵᠧᠦ ᠵᠢᠶᠠᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠬᠥᠬᠡᠬᠤᠲᠠ ᠤᠳᠤ ᠶᠠᠭ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠱᠠᠲᠤᠨ ᠳᠤ ᠣᠷᠣᠰᠢᠵᠤ᠂ ᠰᠢᠨ᠎ᠡ ᠬᠥᠳᠡᠯᠭᠡᠭᠦ ᠬᠦᠴᠦᠨ ᠢ ᠪᠣᠶᠢᠵᠢᠭᠤᠯᠤᠨ ᠬᠥᠭᠵᠢᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠴᠢᠬᠤᠯᠠᠲᠠᠢ ᠪᠠᠶᠢᠨ᠎ᠠ᠂ ᠳ᠋ᠢᠩ ᠲᠠᠢ ᠸᠠᠨ ᠪᠠᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠮᠠᠨ ᠤ ᠬᠤᠳᠠ ᠶᠢᠨ ᠭᠤᠣᠯᠯᠠᠭᠴᠢ ᠠᠵᠤ ᠦᠢᠯᠡᠰ ᠪᠣᠯᠣᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠰᠢᠨ᠎ᠡ ᠮᠠᠲ᠋ᠧᠷᠢᠶᠠᠯ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠨᠥᠭᠡᠴᠡ ᠲᠦᠷᠦᠯ ᠵᠦᠢᠯ ᠤᠨ ᠴᠢᠳᠠᠪᠬᠢ ᠶᠢ ᠥᠷᠭᠡᠳᠬᠡᠨ ᠲᠡᠰ ᠳᠡᠪᠰᠢᠭᠦᠯᠬᠦ ᠶᠢ ᠬᠦᠰᠡᠵᠦ ᠪᠠᠶᠢᠨ᠎ᠠ᠃ ᠮᠠᠨ ᠤ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠢ ᠴᠢᠨᠠᠭᠰᠢᠳᠠ ᠰᠢᠯᠢᠳᠡᠭᠵᠢᠭᠦᠯᠦᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠲᠦᠷᠦᠯ ᠵᠦᠢᠯ ᠢ ᠡᠷᠲᠡᠬᠡᠨ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤ ᠶᠢᠨ ᠠᠰᠢᠭ ᠲᠤᠰᠠ ᠶᠢ ᠪᠡᠶᠡᠯᠡᠭᠦᠯᠦᠶ᠎ᠡ ᠭᠡᠵᠡᠢ᠃      ᠵᠧᠦ ᠵᠢᠶᠠᠨ ᠡᠩ ᠲᠡᠷᠢᠭᠦᠨ ᠳᠤ ᠬᠥᠬᠡᠬᠤᠲᠠ ᠶᠢᠨ ᠳ᠋ᠢᠩ ᠲᠠᠢ ᠸᠠᠨ ᠪᠠᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ ᠲᠦᠷᠦᠯ ᠵᠦᠢᠯ ᠤᠨ ᠶᠡᠷᠦᠩᠬᠡᠢ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠺᠣᠮᠫᠠᠨᠢ ᠠᠴᠠ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠣᠷᠣᠨ ᠨᠤᠲᠤᠭ ᠤᠨ ᠬᠥᠭᠵᠢᠯᠲᠡ ᠶᠢᠨ ᠪᠣᠳᠠᠲᠠᠢ ᠪᠠᠶᠢᠳᠠᠯ ᠪᠣᠯᠣᠨ ᠲᠤᠰ ᠪᠡᠶ᠎ᠡ ᠶᠢᠨ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤ ᠶᠢᠨ ᠠᠰᠢᠭ ᠲᠤᠰᠠ ᠶᠢ ᠪᠡᠶᠡᠯᠡᠭᠦᠯᠦᠶ᠎ᠡ ᠭᠡᠵᠡᠢ᠃      ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠯᠢ ᠰᠢᠶᠣᠣ ᠶᠠᠨ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号