ᠪᠣᠣ ᠭᠠᠩ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 3 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠤᠬᠠᠭᠤᠯᠬᠤ ᠬᠡᠯᠲᠡᠰ ᠤᠨ | ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ | ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠬᠤᠲᠠ ᠶᠢᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠭᠠᠷᠳᠠᠬᠤ ᠴᠡᠭ ᠢ ᠣᠨᠣᠪᠴᠢᠲᠠᠶ ᠣᠯᠵᠤ᠂ | ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠣᠷᠣᠨ ᠤ | ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠬᠦᠴᠦᠯᠡᠨ | ᠪᠣᠶ ᠪᠣᠯᠭᠠᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠲᠦᠷᠭᠡᠨ ᠪᠦᠲᠦᠭᠡᠨ ᠪᠠᠶᠢᠭᠤᠯᠬᠤ | ᠬᠡᠷᠡᠭᠲᠡᠢ᠃ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠤᠨ ᠲᠤᠭᠤᠰᠢᠯᠠᠭᠤᠯᠬᠤ ᠡᠨᠡᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠰᠤᠷᠲᠠᠯ | ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠪᠦᠬᠦ ᠲᠠᠯ᠎ᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ | ᠬᠤᠳᠠ ᠶᠢᠨ ᠰᠣᠶᠣᠯ ᠤᠨ ᠡᠨᠧᠷᠭᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠤᠯᠤᠰ ᠤᠨ ᠪᠣᠯᠪᠠᠰᠤᠨ | ᠬᠤᠳᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠦᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ | ᠰᠠᠯᠬᠢᠨ ᠤ ᠵᠦᠭᠯᠡᠭᠦᠷ ᠪᠣᠯᠣᠨ᠎ᠠ᠂ ᠪᠦᠬᠦ ᠬᠤᠲᠠ ᠪᠠᠷ ᠢᠶᠠᠨ ᠳᠠᠷᠤᠢ ᠲᠦᠷᠭᠡᠨ ᠬᠥᠳᠡᠯᠦᠯᠴᠡᠵᠦ᠂ ᠪᠡᠯᠡ | ᠣᠷᠣᠭᠤᠯᠤᠯᠲᠠ᠂ ᠲᠥᠷᠥᠯ ᠵᠦᠢᠯ ᠤᠨ ︽ᠬᠤᠣᠰ ᠮᠢᠩᠭᠠᠨ︾ ᠤ ᠬᠠᠷᠠᠯᠲᠠ ᠶᠢ ᠴᠢᠩᠭ᠎ᠠ ᠠᠩᠬᠠᠷᠴᠤ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ᠂ ᠬᠦᠴᠦᠨ ᠵᠦᠢᠯ ᠢ ᠪᠠᠲᠤᠯᠠᠬᠤ᠂ ᠵᠣᠬᠢᠴᠠᠭᠤᠯᠤᠨ | ᠲᠣᠬᠢᠷᠠᠭᠤᠯᠬᠤ ᠵᠡᠷᠭᠡ ᠠᠵᠢᠯ ᠢ ᠱᠠᠯᠠᠪᠳᠠᠨ ᠰᠠᠶᠢᠲᠤᠷ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ | ᠪᠠᠶᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠬ᠎ᠠ ᠳᠠᠷᠠᠭᠠᠯᠠᠨ ᠰᠢᠢᠳᠪᠦᠷᠢᠯᠡᠵᠦ᠂ ᠴᠢᠬᠤᠯᠠ ᠶᠡᠭᠡ ᠠᠵᠤ | ᠦᠢᠯᠡᠰ ᠤᠨ ᠲᠥᠷᠥᠯ ᠵᠦᠢᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ | ᠰᠤᠷᠭᠠᠨ ᠬᠥᠮᠦᠵᠢᠯ᠂ ᠡᠮᠴᠢᠯᠡᠭᠡ᠂ ᠠᠵᠢᠯ ᠣᠯᠭᠤᠯᠲᠠ ᠵᠡᠷᠭᠡ ᠬᠦᠷᠢᠶᠡᠨ ᠳᠠᠬᠢ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠡᠷᠲᠡᠬᠡᠨ ᠡᠬᠢᠯᠡᠭᠦᠯᠦᠨ ᠠᠵᠢᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ | ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ ᠪᠣᠯᠬᠤ︾ ᠶᠢ ᠦᠨᠡᠨ ᠬᠦ ᠪᠠᠲᠤᠯᠠᠵᠤ᠂ ᠪᠥᠬᠦ ᠵᠢᠯ ᠤᠨ | ᠠᠵᠢᠯ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ︽ᠨᠣᠮᠤ ᠪᠠᠨ ᠲᠤᠯᠲᠠᠯ᠎ᠠ ᠲᠡᠯᠡᠬᠦ︾ ︽ᠬᠥᠪᠴᠢ ᠪᠠᠨ | ᠲᠤᠯᠲᠠᠯ᠎ᠠ ᠲᠠᠲᠠᠬᠤ︾ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠷᠳᠤᠴᠠ ᠶᠢ ᠲᠦᠷᠭᠡᠳᠬᠡᠵᠦ᠂ ᠠᠬᠢᠴᠠ ᠶᠢ | ᠠᠮᠵᠢᠭᠤᠯᠵᠤ᠂ ᠲᠦᠷᠦᠯ ᠵᠦᠢᠯ ᠤᠨ ᠨᠥᠭᠡᠴᠡᠯᠡᠯ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢᠨ | ᠨᠡᠮᠡᠭᠳᠡᠯ ᠤᠨ ᠬᠤᠷᠳᠤᠴᠠ ᠶᠢ ᠲᠦᠷᠭᠡᠳᠬᠡᠨ ᠤᠷᠤᠭᠰᠢ ᠳᠠᠪᠰᠢᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠡᠢ᠃ |